ᠨᠠᠮᠤᠷ ᠤᠨ ᠡᠷᠲᠡ ᠶᠢᠨ ᠦᠶ᠎ᠡ ᠳᠤ᠂ ᠲᠠᠯ᠎ᠠ ᠨᠤᠲᠤᠭ ᠤᠨ ᠬᠢᠨ ᠬᠥᠬᠡ ᠣᠭᠲᠠᠷᠭᠤᠢ ᠳᠤ ᠵᠢᠷᠦᠬᠡ ᠲᠦᠭᠰᠢᠵᠦ᠂ ᠬᠥᠪᠪᠥᠨ ᠲᠤᠩᠭᠠᠯᠠᠭ ᠡᠭᠦᠯᠡ ᠪᠠᠷ | ᠰᠢᠯᠦᠭ ᠤᠨ ᠰᠠᠨᠠᠭ᠎ᠠ ᠳᠦᠭᠦᠷᠡᠩ ᠢᠷᠠᠭᠤ ᠰᠠᠶᠢᠬᠠᠨ ᠬᠠᠷᠠᠭᠳᠠᠨ᠎ᠠ᠃ ᠵᠣᠬᠢᠶᠠᠭᠴᠢ ᠪᠦᠬᠦ ᠤᠯᠤᠰ ᠤᠨ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠨᠡᠶᠢᠲᠡᠯᠢᠭ ᠬᠤᠰᠢᠭᠤ᠂ ᠤᠯᠤᠰ ᠤᠨ ᠳᠠᠪᠠᠭᠤᠯᠢᠭ ᠣᠨᠴᠠᠯᠢᠭᠲᠤ ᠬᠤᠷᠴᠢᠨ ᠠᠯᠠᠰᠢᠨ ᠦᠬᠡᠷ ᠤᠨ ᠠᠵᠤ ᠦᠢᠯᠡᠰ ᠤᠨ ᠰᠦᠷᠦᠭᠵᠢᠯ ᠢ ᠡᠭᠦᠳᠦᠨ ᠪᠠᠶᠢᠭᠤᠯᠬᠤ | ᠬᠤᠰᠢᠭᠤ᠂ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠬᠤᠰᠢᠭᠤ — ︽ᠪᠠᠳᠤᠴᠠᠭᠠᠨ ᠤ | ᠠᠳᠤᠭᠤᠲᠦ ᠪᠠᠯᠭᠠᠰᠤ︾ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠪᠡ᠃ | 2024 ᠣᠨ ᠤ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ 52.22 ᠲᠦᠮᠡᠨ ᠦᠬᠡᠷ ᠤᠨ ᠲᠤᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6. | 12% ᠪᠠᠷ ᠨᠡᠮᠡᠭᠳᠡᠪᠡ︔ ᠦᠷᠡᠵᠢᠬᠦ ᠦᠨᠢᠶᠡᠨ ᠤ ᠲᠤᠭ᠎ᠠ 26. 94 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.13% ᠪᠠᠷ ᠨᠡᠮᠡᠭᠳᠡᠪᠡ︔ | ᠠᠯᠠᠰᠢᠨ ᠦᠬᠡᠷ ᠤᠨ ᠲᠤᠭ᠎ᠠ 47.15 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.93% ᠪᠠᠷ ᠨᠡᠮᠡᠭᠳᠡᠪᠡ︔ ᠰᠠᠶᠢᠨ ᠡᠭᠦᠯᠳᠡᠷ ᠵᠢᠴᠢ | ᠡᠭᠦᠯᠳᠡᠷ ᠰᠠᠶᠢᠵᠢᠷᠠᠭᠤᠯᠤᠭᠰᠠᠨ ᠦᠨᠢᠶ᠎ᠡ 5.06 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.63% ᠪᠠᠷ ᠨᠡᠮᠡᠭᠳᠡᠪᠡ᠃ | ᠡᠨᠡ ᠬᠦ ᠡᠯᠪᠡᠭ ᠪᠠᠶᠠᠯᠢᠭ ᠮᠠᠯ ᠠᠵᠤ ᠠᠬᠤᠢ ᠶᠢᠨ ᠡᠯᠪᠡᠭ ᠬᠤᠷᠢᠶᠠᠯᠲᠠ ᠶᠢᠨ ᠦᠵᠡᠮᠵᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠬᠡᠷ ᠤᠨ | ᠠᠵᠤ ᠦᠢᠯᠡᠰ ᠤᠨ ᠲᠣᠭᠲᠠᠭᠤᠨ ᠤ ᠳᠤᠮᠳᠠ ᠳᠡᠭᠡᠭᠰᠢᠯᠡᠬᠦ ᠦᠨᠳᠦᠰᠦᠨ ᠪᠠᠶᠢᠳᠠᠯ ᠢ ᠪᠠᠲᠤ ᠰᠠᠬᠢᠪᠠ᠃ ᠣᠳᠣ ᠪᠣᠯ ᠶᠠᠭ ᠠᠯᠠᠰᠢᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠳᠣᠣᠷ᠎ᠠ ᠬᠤᠭᠤᠴᠠᠭ᠎ᠠ ᠮᠥᠨ᠂ ︽ᠹᠧᠩ ᠴᠢᠩ ᠮᠠ ᠪᠠᠯᠭᠠᠰᠤ︾ ᠭᠡᠵᠦ ᠨᠡᠷᠡᠶᠢᠳᠦᠭᠰᠡᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ | ᠶᠠᠭᠠᠬᠢᠭᠠᠳ ᠡᠶᠢᠮᠦ ᠦᠬᠡᠷ ᠪᠠᠶᠢᠬᠤ ᠪᠤᠢ︖ ᠳᠡᠰ ᠳᠠᠪᠰᠢᠨ ᠳᠠᠷᠤᠭᠠᠰᠤ ᠶᠢ ᠬᠥᠩᠭᠡᠷᠡᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠨ ᠲᠠᠯ᠎ᠠ ᠨᠤᠲᠤᠭ ᠢᠶᠠᠨ | ᠳᠤᠷᠠᠳᠴᠤ᠂ ︽ᠬᠥᠬᠡ ᠣᠭᠲᠠᠷᠭᠤᠢ᠂ ᠬᠡᠭᠡᠷ᠎ᠡ ᠲᠠᠯ᠎ᠠ ᠨᠡᠯᠦ᠋ᠢᠵᠦ᠂ ᠰᠠᠯᠬᠢ ᠰᠠᠯᠬᠢᠯᠠᠪᠠᠯ ᠦᠬᠡᠷ ᠬᠤᠨᠢ ᠬᠠᠷᠠᠭᠳᠠᠨ᠎ᠠ︾ ᠭᠡᠵᠦ ᠣᠯᠠᠩᠬᠢ ᠬᠥᠮᠦᠰ ᠤᠨ ᠬᠦᠰᠡᠨ | ᠮᠥᠷᠥᠭᠡᠳᠴᠦ ᠪᠠᠶᠢᠭ᠎ᠠ ᠰᠢᠯᠦᠭ ᠪᠠ ᠠᠯᠤᠰ ᠤᠨ ᠭᠠᠵᠠᠷ ᠪᠣᠯᠤᠨ᠎ᠠ᠃ | ᠣᠳᠣᠬᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠲᠡᠯ᠎ᠡ ᠰᠠᠯᠬᠢᠨ ᠳᠤ ᠦᠯᠢᠶᠡᠭᠳᠡᠨ ᠦᠬᠡᠷ ᠬᠤᠨᠢ ᠬᠠᠷᠠᠭᠳᠠᠬᠤ ᠦᠭᠡᠢ ᠪᠠᠶᠢᠯ᠎ᠠ᠃ | ᠦᠨᠡᠨ ᠳᠤ ᠪᠠᠨ᠂ ᠨᠣᠭᠤᠭᠠᠨ ᠵᠦᠯᠭᠡ᠂ ᠦᠬᠡᠷ ᠬᠤᠨᠢ ᠠᠭᠤᠯᠠ ᠨᠢᠷᠤᠭᠤ ᠳᠦᠭᠦᠷᠡᠩ ᠰᠠᠶᠢᠬᠠᠨ ᠦᠵᠡᠮᠵᠢ ᠴᠦ ᠣᠯᠳᠠᠬᠤᠶ᠎ᠠ ᠪᠡᠷᠬᠡ ᠪᠠᠶᠢᠳᠠᠭ᠂ ᠤᠴᠢᠷ ᠨᠢ ᠡᠬᠢ | ᠪᠠᠶᠠᠯᠢᠭ ᠬᠢᠵᠠᠭᠠᠷ ᠲᠠᠢ᠂ ᠬᠡᠲᠦᠷᠡᠲᠡᠯ᠎ᠡ ᠮᠠᠯ ᠮᠠᠯᠵᠢᠵᠤ᠂ ᠮᠠᠯ ᠰᠦᠷᠦᠭ ᠤᠨ ᠳᠠᠭᠠᠭᠠᠴᠠ ᠠᠴᠠ ᠪᠣᠯᠤᠭᠰᠠᠨ ᠨᠤᠲᠤᠭ ᠪᠡᠯᠴᠢᠭᠡᠷ ᠮᠠᠭᠤᠳᠠᠬᠤ ᠠᠶᠤᠯ ᠪᠣᠯ | ᠲᠤᠬᠠᠢ ᠶᠢᠨ ᠭᠠᠵᠠᠷ ᠤᠨ ᠠᠯᠴᠢᠳ ᠤᠨ ᠰᠡᠳᠬᠢᠯ ᠠᠴᠠ ᠬᠥᠳᠡᠯᠵᠦ ᠳᠡᠢᠯᠦᠱᠢ ᠦᠭᠡᠢ ᠰᠡᠭᠦᠳᠡᠷ ᠶᠤᠮ᠃ ᠶᠡᠭᠡ ᠬᠡᠪᠴᠢᠶᠡᠨ ᠤ ᠴᠢᠨᠠᠷ ᠰᠠᠶᠢᠲᠠᠢ ᠡᠪᠡᠰᠦ | ᠪᠣᠷᠳᠤᠭ᠎ᠠ ᠨᠢ ᠮᠠᠯᠴᠢᠨ ᠲᠠᠷᠢᠶᠠᠴᠢᠨ ᠳᠤ ᠪᠣᠬᠢᠷᠲᠤᠯ ᠦᠭᠡᠢ ︽ᠰᠠᠶᠢᠨ ᠵᠣᠭᠤᠰᠣᠨ ᠤ ᠦᠵᠡᠮᠵᠢ︾ ᠠᠪᠴᠢᠷᠠᠵᠤ ᠥᠭᠪᠡ᠃ ᠭᠠᠭᠴᠠ ᠬᠤ᠋ ᠬᠠᠮᠤᠭ ᠤᠨ ᠡᠷᠡᠰ | ᠰᠢᠭᠤᠷᠬᠠᠢ ᠣᠪᠣᠷ ᠢᠶᠠᠷ᠂ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠪᠡᠯ ᠲᠠᠯ᠎ᠠ ᠨᠤᠲᠤᠭ ᠰᠠᠶ᠋ᠢ ᠲᠠᠴᠢᠷᠳᠠᠬᠤ ᠠᠶᠤᠯ ᠲᠦᠭᠰᠢᠭᠦᠷᠢ ᠶᠢ ᠲᠦᠢᠯᠪᠤᠷᠢᠲᠠᠢ | ᠬᠤᠷᠦ᠋ᠢᠯᠠᠨ᠎ᠠ᠃ | 2022 ᠣᠨ ᠳᠤ᠂ ᠨᠢᠭᠡ ᠤᠳᠠᠭᠠᠨ ᠤ ᠪᠦᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠳᠠᠶᠢᠯᠠᠯᠳᠤᠭᠠᠨ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠬᠡ ᠭᠠᠵᠠᠷ ᠲᠤ ᠪᠦᠬᠦ ᠲᠠᠯ᠎ᠠ ᠪᠠᠷ ᠡᠬᠢᠯᠡᠪᠡ᠃ | ᠥᠷᠯᠥᠭᠡ ᠶᠢᠨ ᠭᠤᠷᠪᠠ ᠳᠥᠷᠪᠡᠨ ᠴᠠᠭ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭᠳᠠᠨ ᠲᠣᠭᠤᠷᠢᠬᠤ ᠠᠩᠭᠢ ᠶᠢᠨ ᠭᠡᠰᠢᠭᠦᠳ ᠨᠢᠭᠡᠨᠲᠡ ᠠᠭᠤᠯᠠ ᠴᠠᠭᠳᠠᠬᠤ ᠵᠠᠮ ᠢᠶᠠᠷ ᠵᠠᠮᠨᠠᠪᠠ᠃ ᠥᠷᠯᠥᠭᠡ ᠦᠳᠡᠰᠢ ᠠᠴᠠ | ᠰᠥᠨᠢ ᠳᠦᠯᠢ ᠪᠣᠯᠲᠠᠯ᠎ᠠ᠂ ᠰᠥᠨᠢ ᠳᠦᠯᠢ ᠠᠴᠠ ᠥᠷᠯᠥᠭᠡ ᠪᠣᠯᠲᠠᠯ᠎ᠠ᠂ ᠪᠦᠬᠦᠯᠢ ᠡᠳᠦᠷ ᠤᠨ᠂ ᠲᠣᠭᠲᠠᠮᠠᠯ ᠪᠤᠰᠤ ᠴᠠᠭ ᠲᠠᠢ᠂ ᠥᠨᠳᠥᠷ ᠳᠠᠪᠲᠠᠮᠵᠢᠲᠤ ᠡᠳᠦᠷ ᠤᠨ | ᠰᠥᠨᠢ ᠪᠠᠷ ᠪᠠᠶᠢᠴᠠᠭᠠᠬᠤ ᠲᠣᠭᠤᠷᠢᠨ ᠪᠠᠶᠢᠴᠠᠭᠠᠬᠤ ᠵᠠᠭᠪᠤᠷ ᠢ ᠬᠡᠷᠡᠭᠯᠡᠵᠦ᠂ ᠲᠣᠭᠤᠷᠢᠨ ᠴᠠᠭᠳᠠᠬᠤ ᠠᠩᠭᠢ ᠪᠦᠬᠦ ᠡᠳᠦᠷ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠤᠨ ᠨᠢᠭᠡᠳᠦᠭᠡᠷ ᠹᠷᠣᠨᠲ ᠲᠤ ᠲᠣᠭᠤᠷᠢᠨ ᠬᠠᠮᠠᠭᠠᠯᠠᠪᠠ᠃ ︽ᠮᠠᠯᠵᠢᠬᠤ ᠶᠢ ᠴᠠᠭᠠᠵᠠᠯᠠᠬᠤ ᠨᠢ ᠡᠷᠲᠡ ᠪᠠᠶᠢᠵᠤ᠂ ᠠᠭᠤᠯᠠ ᠶᠢ ᠲᠣᠭᠤᠷᠢᠨ ᠴᠠᠭᠳᠠᠬᠤ ᠨᠢ ᠡᠷᠲᠡ | ᠮᠥᠷᠲᠡᠭᠡᠨ ᠪᠠᠰᠠ ᠣᠷᠦ᠋ᠢᠲᠠᠬᠤ ᠦᠭᠡᠢ᠂ ᠵᠠᠷᠢᠮ ᠳᠠᠭᠠᠨ ᠪᠢᠳᠡ ᠣᠯᠵᠤ ᠮᠡᠳᠡᠭᠰᠡᠨ ᠦᠬᠡᠷ ᠤᠨ ᠲᠤᠭᠤᠷᠠᠢ ᠶᠢᠨ ᠤᠯᠠ ᠮᠥᠷ ᠢ ᠮᠥᠷᠳᠡᠵᠦ᠂ ᠵᠠᠷᠢᠮ ᠳᠠᠭᠠᠨ | ᠮᠠᠯᠵᠢᠯ ᠤᠨ ᠴᠡᠭ ᠤᠨ ᠣᠶᠢᠷ᠎ᠠ ᠬᠠᠪᠢ ᠳᠤ ᠰᠠᠭᠤᠵᠤ ᠰᠠᠬᠢᠨ ᠬᠠᠮᠠᠭᠠᠯᠠᠨ᠎ᠠ︾ ᠭᠡᠪᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠩᠭᠢ ᠶᠢᠨ ᠭᠡᠰᠢᠭᠦᠨ ᠪᠦᠦ ᠱᠧᠩ | ᠵᠣᠬᠢᠶᠠᠭᠴᠢ ᠳᠤ ᠬᠡᠯᠡᠬᠦ ᠳᠡᠭᠡᠨ᠂ ᠮᠠᠯ ᠢ ᠲᠦᠷ ᠦᠯᠡᠳᠡᠭᠡᠵᠦ ᠠᠪᠬᠤ᠂ ᠲᠣᠷᠭᠠᠭᠤᠯᠢ ᠶᠢᠨ ᠬᠠᠭᠤᠳᠠᠰᠤ ᠭᠠᠷᠭᠠᠵᠤ ᠥᠭᠬᠦ᠂ ᠲᠣᠷᠭᠠᠭᠤᠯᠢ ᠶᠢᠨ ᠵᠣᠭᠤᠰ ᠢ ᠬᠤᠷᠢᠶᠠᠨ | ᠠᠪᠬᠤ ᠳᠤ ᠦᠨᠳᠦᠰᠦᠨ ᠵᠣᠷᠢᠯᠭ᠎ᠠ ᠪᠢᠰᠢ᠂ ᠮᠠᠯᠴᠢᠨ ᠲᠠᠷᠢᠶᠠᠴᠢᠨ ᠤ ᠪᠦᠳᠦᠭᠦᠯᠢᠭ ᠲᠡᠵᠢᠭᠡᠵᠦ ᠪᠠᠶᠢᠭᠰᠠᠨ ᠠᠴᠠ ᠬᠠᠰᠢᠶᠠᠯᠠᠨ ᠲᠡᠵᠢᠭᠡᠵᠦ ᠲᠡᠶᠢᠰᠢ ᠲᠡᠵᠢᠭᠡᠬᠦ | ᠰᠡᠳᠬᠢᠬᠦᠢ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠳᠤ ᠵᠠᠩᠭᠢᠯᠠᠭ᠎ᠠ ᠪᠣᠯᠵᠤ᠂ ᠡᠴᠦᠰ ᠲᠡᠭᠡᠨ ᠠᠮᠢ ᠠᠬᠤᠢ ᠶᠢᠨ ᠦᠷ᠎ᠡ ᠠᠰᠢᠭ ᠬᠢᠭᠡᠳ ᠮᠠᠯᠴᠢᠨ ᠲᠠᠷᠢᠶᠠᠴᠢᠨ ᠤ | ᠠᠰᠢᠭ ᠣᠷᠣᠯᠭ᠎ᠠ ᠶᠢ ᠬᠤᠣᠰ ᠴᠢᠭᠯᠡᠯ ᠢᠶᠠᠷ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠵᠢᠭᠡᠯ ᠪᠣᠷᠳᠣᠭᠠᠨ ᠤ ᠠᠵᠤ ᠦᠢᠯᠡᠰ ᠤᠨ ᠡᠳ᠋ᠱᠢᠭᠦᠯᠬᠦ ᠡᠳ᠋ ᠪᠠᠷᠠᠭᠠᠨ ᠤ ᠭᠦᠢᠯᠭᠡᠭᠡᠨ ᠤ | ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠳᠣᠲᠣᠷᠠᠬᠢ ᠡᠪᠡᠰᠦ ᠦᠷ᠎ᠡ ᠶᠢᠨ ᠲᠤᠷᠱᠢᠯᠲᠠ ᠶᠢᠨ ᠲᠠᠷᠢᠶ᠎ᠠ᠃ ᠥᠩᠭᠡᠷᠡᠭᠰᠡᠨ ᠳᠤ ᠪᠦᠳᠦᠭᠦᠯᠢᠭ ᠰᠤᠯᠠ ᠲᠡᠵᠢᠭᠡᠵᠦ | ᠪᠠᠶᠢᠭᠰᠠᠨ ᠲᠡᠵᠢᠭᠡᠨ ᠦᠷᠡᠵᠢᠭᠦᠯᠬᠦ ᠠᠷᠭ᠎ᠠ ᠨᠢ ᠦᠷ᠎ᠡ ᠠᠰᠢᠭ ᠢᠶᠠᠷ ᠥᠨᠳᠥᠷ ᠪᠢᠰᠢ᠃ | ᠣᠳᠣᠬᠠᠨ ᠳᠤ ᠦᠬᠡᠷ ᠢ ᠪᠦᠬᠦᠨ ᠢ ᠭᠠᠴᠠᠭᠠᠨ ᠤ ᠲᠡᠵᠢᠭᠡᠨ ᠦᠷᠡᠵᠢᠭᠦᠯᠬᠦ ᠲᠣᠭᠤᠷᠢᠭ ᠲᠤ ᠲᠠᠯᠪᠢᠵᠤ᠂ ᠡᠳᠦᠷ ᠪᠦᠷᠢ ᠲᠤᠰᠬᠠᠢ ᠬᠥᠮᠦᠨ ᠢᠶᠠᠷ ᠨᠢᠭᠡᠳᠦᠯᠲᠡᠢ | ᠬᠠᠮᠢᠶᠠᠷᠤᠭᠤᠯᠵᠤ᠂ ᠬᠢᠵᠢᠭ ᠢ ᠨᠢᠭᠡᠳᠦᠯᠲᠡᠢ ᠰᠡᠷᠭᠡᠶᠢᠯᠡᠭᠦᠯᠵᠦ᠂ ᠮᠠᠨ ᠤ ᠭᠡᠷ ᠤᠨ ᠦᠬᠡᠷ ᠬᠠᠮᠤᠭ ᠠᠩᠬᠠᠨ ᠤ ᠬᠡᠳᠦᠨ ᠲᠠᠯ᠎ᠠ ᠠᠴᠠ ᠬᠡᠳᠦᠨ ᠠᠷᠪᠠᠨ ᠲᠣᠯᠣᠭᠠᠢ | ᠪᠣᠯᠵᠤ᠂ ᠵᠢᠯ ᠤᠨ ᠣᠷᠣᠯᠭ᠎ᠠ 2 ᠲᠦᠮᠡᠨ ᠲᠥᠭᠦᠷᠢᠭ ᠪᠠᠶᠢᠭᠰᠠᠨ ᠠᠴᠠ ᠪᠠᠨ ᠠᠷᠪᠠᠨ ᠬᠡᠳᠦᠨ ᠲᠦᠮᠡᠨ ᠲᠥᠭᠦᠷᠢᠭ ᠪᠣᠯᠵᠤ ᠨᠡᠮᠡᠭᠳᠡᠪᠡ᠃ |