— ᠷᠠᠰᠢᠶᠠᠨ ᠬᠤᠳᠠ ᠶᠢᠨ ᠪᠠᠭᠰᠢ ᠶᠢᠨ ᠠᠵᠢᠯ ᠤᠨ ᠬᠦᠭᠵᠢᠯᠳᠡ ᠶᠢᠨ ᠲᠦᠪ ᠤᠨ ᠯᠢᠤ ᠯᠢ ᠯᠢ ᠪᠠᠭᠰᠢ ᠶᠢ ᠲᠡᠮᠳᠡᠭᠯᠡᠪᠡ ᠯᠢᠤ ᠯᠢ ᠯᠢ 2006 ᠤᠨ ᠳᠤ | ᠠᠵᠢᠯ ᠤᠨ ᠪᠠᠶᠢᠷᠢᠨ ᠳᠤ ᠭᠠᠷᠴᠦ᠂ 18 ᠵᠢᠯ ᠤᠨ ᠲᠤᠷᠰᠢ ᠠᠵᠢᠯ ᠤᠨ ᠪᠠᠶᠢᠷᠢᠨ ᠳᠠᠭᠠᠨ ᠭᠠᠪᠰᠢᠭᠠᠶᠢᠯᠠᠵᠦ᠂ ᠡᠬᠦᠨ ᠳᠤ 13 ᠵᠢᠯ ᠨᠢ ᠬᠦᠳᠡᠭᠡ ᠲᠤᠰᠬᠤᠨ ᠤ | ᠰᠤᠷᠭᠠᠭᠤᠯᠢ ᠳᠤ ᠠᠵᠢᠯᠯᠠᠵᠠᠢ᠃ | ᠲᠡᠷᠡ ᠠᠵᠢᠯ ᠤᠨ ᠪᠠᠶᠢᠷᠢ ᠪᠠᠨ ᠲᠡᠭᠡᠳᠦᠯᠡᠵᠦ᠂ ᠬᠠᠷᠠᠮ ᠦᠬᠡᠢ ᠵᠢᠳᠬᠦᠬᠦ ᠵᠤᠷᠢᠭ ᠢᠶᠠᠷ ᠰᠤᠷᠭᠠᠨ ᠬᠦᠮᠦᠵᠢᠯ ᠤᠨ ᠡᠮᠦᠨ᠎ᠡ ᠹᠷᠤᠨᠲ ᠲᠤ ᠭᠠᠪᠰᠢᠭᠠᠶᠢᠯᠠᠵᠦ᠂ | ᠲᠡᠭᠡᠳᠦ ᠬᠡᠮᠵᠢᠶᠡᠨ ᠤ ᠬᠠᠷᠢᠭᠤᠴᠠᠯᠭᠠᠳᠤ ᠤᠪᠤᠷ ᠢᠶᠠᠷ ᠡᠪ ᠬᠠᠮᠳᠤ ᠨᠠᠮ ᠤᠨ ᠬᠡᠰᠢᠬᠦᠨ ᠤ ᠬᠤᠰᠢᠭᠤᠴᠢ ᠶᠢᠨ ᠦᠢᠯᠡᠳᠦᠯ ᠢᠶᠠᠨ ᠪᠠᠳᠠᠷᠠᠭᠤᠯᠤᠬᠰᠠᠭᠠᠷ ᠢᠷᠡᠵᠡᠢ᠃ | ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠳᠤ ᠨᠠᠮ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ | ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠤᠳᠤᠷᠢᠳᠤᠮᠵᠢ ᠪᠤᠯᠭᠠᠵᠦ᠂ ᠬᠦᠰᠡᠯ | ᠮᠦᠷᠦᠭᠡᠳᠦᠯ ᠲᠠᠢ᠂ ᠴᠢᠳᠠᠪᠦᠷᠢ ᠲᠠᠢ᠂ ᠡᠬᠦᠷᠭᠡ ᠬᠠᠷᠢᠭᠤᠴᠠᠯᠭ᠎ᠠ ᠲᠠᠢ ᠰᠢᠨ᠎ᠠ ᠴᠠᠭ ᠦᠶ᠎ᠡ ᠶᠢᠨ ᠰᠢᠨ᠎ᠡ ᠬᠦᠮᠦᠨ ᠢ ᠬᠦᠮᠦᠵᠢᠬᠦᠯᠬᠦ ᠪᠠᠷ ᠰᠢᠷᠭᠠᠭᠤ ᠬᠠᠳᠠᠭᠤᠵᠢᠯᠳᠠᠢ | ᠠᠵᠢᠯᠯᠠᠬᠰᠠᠭᠠᠷ ᠢᠷᠡᠵᠡᠢ᠃ | ᠯᠢᠤ ᠯᠢ ᠯᠢ ᠪᠤᠯ ᠦᠵᠡᠯ ᠰᠠᠨᠠᠭ᠎ᠠ ᠤᠯᠤᠰ ᠲᠦᠷᠦ ᠶᠢᠨ ᠪᠠᠭᠰᠢ ᠪᠦᠭᠡᠳ ᠷᠠᠰᠢᠶᠠᠨ ᠬᠤᠳᠠ ᠶᠢᠨ ᠪᠠᠭᠰᠢ ᠶᠢᠨ ᠬᠦᠭᠵᠢᠯᠳᠡ ᠶᠢᠨ ᠲᠦᠪ ᠤᠨ ᠦᠵᠡᠯ ᠰᠠᠨᠠᠭ᠎ᠠ | ᠤᠯᠤᠰ ᠲᠦᠷᠦ ᠶᠢᠨ ᠵᠢᠭᠠᠨ ᠰᠤᠷᠭᠠᠬᠴᠢ ᠮᠦᠨ᠃ ᠲᠡᠷᠡ ᠬᠢᠴᠢᠶᠡᠯ ᠬᠦᠮᠦᠵᠢᠯ ᠤᠨ ᠭᠠᠵᠠᠷ᠂ ᠪᠠᠭᠠᠴᠤᠳ ᠤᠨ ᠬᠤᠰᠢᠭᠤᠴᠢ ᠠᠩᠬᠢ᠂ ᠦᠵᠡᠯ ᠰᠠᠨᠠᠭ᠎ᠠ ᠤᠯᠤᠰ | ᠲᠦᠷᠦ ᠶᠢᠨ ᠪᠠᠭᠰᠢ ᠶᠢᠨ ᠪᠦᠯᠬᠦᠮ ᠢᠶᠠᠨ ᠲᠠᠭᠠᠭᠤᠯᠤᠨ᠂ ᠰᠡᠳᠤᠪ ᠤᠨ ᠰᠤᠳᠤᠯᠭᠠᠨ ᠢ ᠢᠳᠡᠪᠬᠢᠳᠡᠢ ᠵᠤᠬᠢᠶᠠᠨ ᠪᠠᠶᠢᠭᠤᠯᠵᠦ᠂ ᠰᠤᠷᠭᠠᠭᠤᠯᠢ ᠬᠡᠷ ᠨᠡᠶᠢᠬᠡᠮ ᠭᠤᠷᠪᠠ ᠶᠢ | ᠤᠶᠠᠯᠳᠤᠭᠤᠯᠤᠬᠰᠠᠨ ᠲᠤᠤᠷ ᠤᠨ ᠪᠠᠶᠢᠭᠤᠯᠤᠯᠳᠠ ᠶᠢ ᠠᠬᠢᠭᠤᠯᠵᠠᠢ᠃ ︽ᠦᠵᠡᠯ ᠰᠠᠨᠠᠭ᠎ᠠ ᠤᠯᠤᠰ ᠲᠦᠷᠦ +︾ ᠭᠤᠤᠯ ᠰᠡᠳᠤᠪᠳᠤ ᠰᠤᠷᠭᠠᠨ ᠬᠦᠮᠦᠵᠢᠯ ᠤᠨ | ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠰᠢᠨᠵᠢᠯᠡᠭᠡ ᠮᠡᠷᠬᠡᠵᠢᠯ ᠤᠨ ᠰᠤᠳᠤᠯᠭᠠᠨ ᠢᠶᠠᠷ ᠠᠵᠢᠯᠯᠠᠭ᠎ᠠ ᠶᠢ ᠲᠠᠶᠢᠴᠢᠯᠠᠵᠦ᠂ ᠠᠵᠢᠯᠯᠠᠭ᠎ᠠ ᠪᠠᠷ ᠰᠢᠨᠵᠢᠯᠡᠭᠡ | ᠮᠡᠷᠬᠡᠵᠢᠯ ᠤᠨ ᠰᠤᠳᠤᠯᠭᠠᠨ ᠢ ᠠᠬᠢᠭᠤᠯᠵᠦ᠂ ᠬᠦᠮᠦᠨ ᠢ ᠬᠦᠮᠦᠵᠢᠬᠦᠯᠬᠦ ᠦᠷ᠎ᠡ ᠪᠦᠳᠦᠮᠵᠢ ᠶᠢ ᠨᠡᠮᠡᠭᠳᠡᠬᠦᠯᠵᠦ᠂ ᠬᠦᠮᠦᠨ ᠢ ᠬᠦᠮᠦᠵᠢᠬᠦᠯᠬᠦ ᠴᠢᠨᠠᠷ ᠴᠢᠨᠰᠠᠭ᠎ᠠ ᠶᠢ | ᠲᠡᠭᠡᠭᠰᠢᠯᠡᠬᠦᠯᠵᠡᠢ᠃ ᠯᠢᠤ ᠯᠢ ᠯᠢ ᠪᠡᠶ᠎ᠡ ᠪᠠᠷ ᠢᠶᠠᠨ ᠲᠠᠭᠤᠷᠢᠶᠠᠯ ᠦᠵᠡᠬᠦᠯᠵᠦ᠂ ᠪᠦᠯᠬᠦᠮ ᠲᠠᠭᠠᠭᠤᠯᠤᠨ ᠶᠤᠰᠤ ᠮᠤᠷᠠᠯ ᠤᠨ ᠬᠢᠴᠢᠶᠡᠯ ᠤᠨ ᠰᠢᠰᠲ᠋ᠧᠮ ᠢ ᠲᠦᠰᠦᠪᠯᠡᠨ | ᠨᠡᠬᠡᠬᠡᠵᠦ᠂ ︽ᠭᠤᠷᠪᠠᠨ ᠳᠡᠬᠦᠰ︾ ᠬᠦᠮᠦᠨ ᠢ ᠬᠦᠮᠦᠵᠢᠬᠦᠯᠬᠦ ᠵᠠᠬᠪᠦᠷ ᠢ ᠬᠦᠴᠦᠳᠡᠢ ᠠᠬᠢᠭᠤᠯᠵᠦ᠂ ᠶᠤᠰᠤ ᠮᠤᠷᠠᠯ ᠤᠨ ᠬᠢᠴᠢᠶᠡᠯ ᠤᠨ ᠶᠡᠷᠦᠩᠭᠡᠶᠢᠯᠡᠭᠰᠡᠨ ᠴᠢᠨᠠᠷ᠂ | ᠦᠢᠯᠡᠳᠦᠯᠬᠡ ᠶᠢᠨ ᠴᠢᠨᠠᠷ ᠢ ᠢᠯᠡᠷᠡᠬᠦᠯᠵᠦ᠂ ᠬᠠᠮᠳᠤᠪᠡᠷ ᠬᠦᠮᠦᠨ ᠢ ᠬᠦᠮᠦᠵᠢᠬᠦᠯᠬᠦ ᠴᠢᠳᠠᠪᠬᠢ ᠶᠢ ᠴᠢᠩᠭᠠᠷᠠᠭᠤᠯᠵᠦ᠂ ︽ᠶᠡᠭᠡ ᠦᠵᠡᠯ ᠰᠠᠨᠠᠭ᠎ᠠ ᠤᠯᠤᠰ ᠲᠦᠷᠦ︾ | ᠶᠢᠨ ᠰᠤᠷᠭᠠᠨ ᠬᠦᠮᠦᠵᠢᠯ ᠤᠨ ᠤᠶᠢᠯᠠᠭᠠᠬᠳᠠᠬᠤᠨ ᠢ ᠦᠢᠯᠡᠳᠤᠯᠭᠡᠵᠢᠬᠦᠯᠵᠠᠢ᠃ ᠶᠤᠰᠤ ᠮᠤᠷᠠᠯ ᠤᠨ ᠬᠢᠴᠢᠶᠡᠯ ᠪᠤᠯᠤᠨ ᠪᠦᠬᠦ ᠬᠢᠴᠢᠶᠡᠯ ᠲᠦᠷᠦᠯ ᠤᠨ | ᠠᠭᠤᠰᠤᠯᠴᠠᠯ ᠤᠨ ᠰᠢᠨ᠎ᠠ ᠵᠠᠮ ᠢ ᠨᠡᠬᠡᠬᠡᠵᠡᠢ᠃ | ᠯᠢᠤ ᠯᠢ ᠯᠢ ᠷᠠᠰᠢᠶᠠᠨ ᠬᠤᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠯᠠᠭᠠᠨ ᠤ ᠨᠡᠷᠡᠳᠤ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠵᠦ᠂ ︽ | ᠬᠠᠮᠳᠤᠪᠡᠷ ᠰᠤᠳᠤᠯᠬᠤ᠂ ᠬᠠᠮᠳᠤᠪᠡᠷ ᠪᠠᠶᠢᠭᠤᠯᠬᠤ᠂ ᠬᠠᠮᠳᠤᠪᠡᠷ ᠬᠦᠮᠦᠵᠢᠬᠦᠯᠬᠦ︾ ᠪᠠᠷ ᠬᠠᠮᠳᠤ ᠶᠢᠨ ᠬᠦᠭᠵᠢᠯᠳᠡ ᠶᠢᠨ ᠤᠨᠤᠯᠵᠢᠬᠤᠨ ᠢ ᠪᠤᠢ ᠪᠤᠯᠭᠠᠵᠦ᠂ ᠵᠢᠭᠠᠨ | ᠰᠤᠷᠭᠠᠯᠳᠠ ᠶᠢᠨ ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠵᠦ᠂ ᠠᠵᠢᠯᠯᠠᠭ᠎ᠠ ᠪᠠᠷ ᠠᠴᠢᠶᠠᠯᠠᠬᠴᠢ ᠪᠤᠯᠭᠠᠵᠦ᠂ ᠬᠢᠴᠢᠶᠡᠯ ᠤᠨ ᠰᠡᠳᠤᠪ ᠢᠶᠠᠷ ᠤᠳᠤᠷᠢᠳᠤᠮᠵᠢ | ᠪᠤᠯᠭᠠᠵᠦ᠂ ᠬᠢᠴᠢᠶᠡᠯ ᠰᠤᠷᠤᠯᠭ᠎ᠠ ᠶᠢᠨ ᠨᠢᠬᠡ ᠴᠤᠬᠴᠠᠵᠢᠭᠤᠯᠤᠬᠰᠠᠨ᠂ ᠤᠯᠠᠨ ᠡᠰᠢᠵᠢᠭᠰᠡᠨ ᠬᠦᠮᠦᠨ ᠢ ᠬᠦᠮᠦᠵᠢᠬᠦᠯᠬᠦ ᠭᠤᠤᠯ ᠴᠤᠬᠴᠠ ᠶᠢᠨ ᠵᠠᠬᠪᠦᠷ ᠢ ᠪᠤᠢ | ᠪᠤᠯᠭᠠᠵᠠᠢ᠃ ᠯᠢᠦ ᠯᠢ ᠯᠢ ᠦᠪᠡᠷ ᠤᠨ ᠲᠤᠰᠬᠠᠢ ᠮᠡᠷᠬᠡᠵᠢᠯ ᠤᠨ ᠬᠡᠪ ᠪᠤᠯᠪᠠᠰᠦᠷᠠᠯ ᠢᠶᠠᠨ ᠴᠢᠷᠮᠠᠶᠢᠨ ᠲᠡᠭᠡᠭᠰᠢᠯᠡᠬᠦᠯᠵᠦ᠂ ᠰᠡᠳᠬᠢᠴᠡ ᠶᠢᠨ ᠠᠰᠠᠭᠤᠨ ᠯᠠᠪᠯᠠᠬᠴᠢ᠂ | ᠵᠠᠯᠠᠭᠤᠴᠤᠳ ᠪᠠᠭᠠᠴᠤᠳ ᠤᠨ ᠠᠵᠢᠯ ᠮᠡᠷᠬᠡᠵᠢᠯ ᠤᠨ ᠬᠦᠭᠵᠢᠯᠳᠡ ᠶᠢᠨ ᠪᠤᠯᠪᠠᠰᠦᠷᠠᠬᠴᠢ ᠶᠢᠨ ᠬᠢᠷᠢ ᠬᠡᠮ ᠢ ᠰᠢᠯᠭᠠᠨ ᠠᠪᠴᠦ᠂ ᠰᠢᠨᠵᠢᠯᠡᠬᠦ ᠤᠬᠠᠭᠠᠨᠴᠢ ᠪᠠᠷ ᠡᠶ᠎ᠡ | ᠨᠠᠶᠢᠷᠳᠠᠢ ᠪᠠᠭᠰᠢ ᠰᠤᠷᠤᠬᠴᠢ ᠶᠢᠨ ᠬᠠᠷᠢᠴᠠᠭ᠎ᠠ ᠶᠢ ᠪᠠᠶᠢᠭᠤᠯᠵᠦ᠂ ᠰᠤᠷᠤᠬᠴᠢ ᠶᠢᠨ ᠰᠡᠳᠬᠢᠯ ᠤᠨ ᠦᠬᠡ ᠶᠢ ᠰᠤᠨᠤᠰᠴᠦ᠂ ᠨᠡᠶᠢᠬᠡᠮ ᠤᠨ ᠡᠯ᠎ᠡ ᠡᠳᠡᠭᠡᠳ ᠤᠨ | ᠦᠨᠳᠦᠷ ᠦᠨᠡᠯᠡᠯᠳᠡ ᠶᠢ ᠤᠯᠵᠠᠢ᠃ | ᠯᠢᠤ ᠯᠢ ᠯᠢ ᠪᠠᠭᠰᠢ ᠡᠬᠡᠯ ᠵᠢᠷ ᠤᠨ ᠠᠵᠢᠯ ᠤᠨ ᠪᠠᠶᠢᠷᠢᠨ ᠳᠠᠭᠠᠨ ᠭᠠᠪᠰᠢᠭᠠᠶᠢᠯᠠᠨ ᠠᠵᠢᠯᠯᠠᠬᠰᠠᠨ ᠠᠴᠠ ︽ᠰᠢᠯᠢᠳᠡᠭ ᠡᠪ ᠬᠠᠮᠳᠤ ᠨᠠᠮ ᠤᠨ ᠬᠡᠰᠢᠬᠦᠨ︾᠂ ︽ | ᠰᠢᠯᠢᠳᠡᠭ ᠰᠤᠷᠭᠠᠨ ᠬᠦᠮᠦᠵᠢᠯ ᠤᠨ ᠠᠵᠢᠯᠳᠠᠨ︾᠂ ︽ᠰᠢᠯᠢᠳᠡᠭ ᠮᠤᠷᠠᠯ ᠬᠦᠮᠦᠵᠢᠯ ᠤᠨ ᠠᠵᠢᠯᠳᠠᠨ︾ ︽ᠰᠢᠯᠢᠳᠡᠭ ᠵᠠᠯᠠᠭᠤᠴᠤᠳ ᠪᠠᠭᠠᠴᠤᠳ ᠤᠨ ᠠᠵᠢᠯ ᠤᠨ | ᠪᠠᠶᠢᠷᠢ ᠶᠢᠨ ᠴᠢᠳᠠᠪᠦᠷᠢᠳᠠᠨ︾᠂ ︽ᠨᠡᠷᠡᠳᠤ ᠪᠠᠭᠰᠢ︾ ᠵᠡᠷᠭᠡ ᠢᠷᠠᠭᠤ ᠠᠯᠳᠠᠷ ᠢ ᠬᠦᠷᠳᠡᠵᠡᠢ᠃ ᠲᠡᠬᠦᠨ ᠤ ᠲᠠᠭᠠᠭᠤᠯᠤᠬᠰᠠᠨ ᠪᠦᠯᠬᠦᠮ ᠨᠢ ᠠᠶᠢᠮᠠᠭ ᠤᠨ ᠲᠡᠰ ᠤᠨ | ︽ᠬᠦᠳᠡᠯᠮᠦᠷᠢ ᠬᠦᠮᠦᠵᠢᠯ ᠤᠨ ᠵᠢᠱᠢᠶ᠎ᠠ ᠦᠵᠡᠬᠦᠯᠬᠦ ᠰᠤᠷᠭᠠᠭᠤᠯᠢ︾ ᠵᠡᠷᠭᠡ ᠢᠷᠠᠭᠤ ᠠᠯᠳᠠᠷ ᠢ ᠬᠦᠷᠳᠡᠵᠡᠢ᠃ ᠲᠡᠬᠦᠨ ᠤ ᠲᠠᠭᠠᠭᠤᠯᠤᠨ ᠰᠤᠳᠤᠯᠤᠬᠰᠠᠨ ᠡᠯ᠎ᠡ | ᠲᠦᠷᠦᠯ ᠤᠨ ᠰᠡᠳᠤᠪ ᠨᠢ ᠡᠯᠪᠡᠭ ᠠᠮᠵᠢᠯᠳᠠ ᠤᠯᠵᠦ᠂ ᠪᠦᠬᠦ ᠬᠤᠳᠠ ᠳᠤ ᠲᠡᠯᠬᠡᠷᠡᠬᠦᠯᠵᠡᠢ᠃ ᠤᠯᠠᠨ ᠤᠳᠠᠭ᠎ᠠ ᠡᠯ᠎ᠡ ᠲᠦᠷᠦᠯ ᠤᠨ ᠤᠷᠤᠯᠳᠤᠭᠠᠨ ᠳᠤ ᠰᠢᠯᠢᠳᠡᠭ | ᠬᠢᠷᠢ ᠪᠦᠳᠦᠮᠵᠢ ᠤᠯᠵᠦ ᠵᠢᠱᠢᠶᠡᠴᠢ ᠲᠠᠭᠠᠭᠤᠯᠤᠬᠴᠢ ᠶᠢᠨ ᠦᠢᠯᠡᠳᠦᠯ ᠦᠵᠡᠬᠦᠯᠦᠭᠰᠡᠨ ᠪᠠᠶᠢᠨ᠎ᠠ᠃ |