11 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ | ᠪᠣᠯᠤᠨ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ | ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠤᠭᠰᠠᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠰᠤᠷᠤᠯᠴᠠᠨ | ᠲᠤᠭᠤᠰᠢᠯᠠᠭᠤᠯᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠬᠦᠴᠦᠯᠡᠬᠦ ᠴᠡᠭ ᠢ ᠣᠨᠣᠪᠴᠢᠲᠠᠢ ᠣᠯᠵᠤ᠂ | ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠭᠦᠨᠵᠡᠭᠡᠢ ᠪᠣᠳᠠᠲᠠᠢ ᠬᠢᠬᠦ ᠬᠡᠷᠡᠭᠲᠡᠢ᠃ | ᠲᠣᠰᠬᠤᠨ ︵ᠨᠡᠶᠢᠭᠡᠮ ᠲᠣᠭᠤᠷᠢᠭ︶ ᠤ ᠲᠣᠭᠤᠷᠢᠨ ᠪᠠᠶᠢᠴᠠᠭᠠᠬᠤ ᠠᠵᠢᠯ ᠢ ᠴᠢᠨᠠᠭᠰᠢᠳᠠ ᠠᠬᠢᠭᠤᠯᠤᠨ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠤᠯᠠᠨ | ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ | ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠭᠠᠷ︾ ᠡᠭᠦᠷᠭᠡ ᠲᠤᠰᠢᠶᠠᠯ ᠢᠶᠠᠨ ᠵᠥᠪ ᠣᠨᠣᠪᠴᠢᠲᠠᠢ | ᠭᠦᠢᠴᠡᠳᠬᠡᠵᠦ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠦᠨᠡᠨ ᠬᠦ ᠱᠠᠯᠠᠪᠳᠠᠭᠤᠯᠬᠤ ᠬᠡᠷᠡᠭᠲᠡᠢ᠃ | ᠴᠠᠭᠳᠠᠨ ᠪᠠᠶᠢᠴᠠᠭᠠᠬᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭᠳᠠᠨ ᠪᠠᠶᠢᠴᠠᠭᠠᠬᠤ ᠪᠠ ᠪᠤᠰᠤᠳ | ᠬᠢᠨᠠᠯᠲᠠ ᠲᠠᠯᠪᠢᠬᠤ ᠭᠤᠣᠯ ᠴᠣᠭᠴᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠬᠤ ᠬᠡᠷᠡᠭᠲᠡᠢ᠃ | ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠲᠣᠭᠤᠷᠢᠨ | ᠪᠠᠶᠢᠴᠠᠭᠠᠬᠤ ᠪᠦᠬᠦ ᠶᠠᠪᠤᠴᠠ ᠳᠤ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠄ | ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠬᠤ ᠬᠢᠨᠠᠯᠲᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠠᠵᠢᠯ ᠤᠨ | ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ᠃ | ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠢ | ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠳᠡᠭᠡᠭᠰᠢᠯᠡᠯᠲᠡ ᠶᠢ ᠦᠨᠡᠨ ᠬᠦ ᠠᠬᠢᠭᠤᠯᠬᠤ ᠬᠡᠷᠡᠭᠲᠡᠢ᠃ | ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭᠤᠯᠤᠨ ᠥᠪᠡᠷ ᠢ ᠪᠠᠨ ᠪᠠᠶᠢᠴᠠᠭᠠᠬᠤ ᠪᠠ ᠲᠣᠭᠤᠷᠢᠨ ᠪᠠᠶᠢᠴᠠᠭᠠᠭᠠᠳᠤᠶ | ᠪᠣᠯ ᠤᠷᠢᠳᠠᠪᠠᠷ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠡᠪᠡᠳᠴᠢᠨ ᠵᠠᠰᠠᠬᠤ︾᠂ ︽ᠪᠠᠶᠢᠬᠤ ᠦᠭᠡᠢ ᠪᠣᠯ ᠵᠠᠰᠠᠬᠤ︾ ᠦᠢᠯᠡᠳᠦᠯ ᠢ | ᠰᠠᠶᠢᠲᠤᠷ ᠪᠠᠳᠠᠷᠠᠭᠤᠯᠬᠤ ᠬᠡᠷᠡᠭᠲᠡᠶ᠃ | ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠪᠥᠬᠦ ᠬᠤᠰᠢᠭᠤᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ | ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ᠃ | |