11 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠾᠧ ᠰᠢᠤᠸᠠᠢ | ᠭᠤᠸᠠᠩ ᠳ᠋ᠠ ᠶᠠᠩ ᠱᠤ᠋ ᠪᠠᠯᠭᠠᠰᠤᠨ ᠳᠤ ᠭᠦᠨᠵᠡᠭᠡᠶᠢᠷᠡᠨ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠵᠥᠩ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ᠂ ᠷᠦᠢ ᠶᠠᠩ ᠦᠷ᠎ᠡ ᠶᠢᠨ ᠦᠶ᠋ᠯᠡᠰ᠂ ᠬᠤᠸᠠ ᠵᠢᠶᠠᠩ ᠰᠢᠨᠵᠢᠯᠡᠬᠦ ᠤᠬᠠᠭᠠᠨ ᠮᠡᠷᠭᠡᠵᠢᠯ᠂ ᠹᠦ᠋ ᠰᠢ ᠠᠮᠤ ᠲᠣᠰᠣ᠂ ᠵᠢᠩ ᠮᠧᠩ ᠯᠢᠩ ᠱᠠᠩ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠢ ᠰᠤᠷᠪᠤᠯᠵᠢᠯᠠᠵᠤ᠂ ᠬᠦᠷᠢᠶᠡᠯᠡᠩ ᠳᠤ ᠰᠠᠭᠤᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠲᠤᠬᠠᠶ ᠶᠠᠷᠢᠯᠴᠠᠬᠤ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠤᠨ ᠦᠶ᠋ᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠢ | ᠣᠶᠢᠯᠠᠭᠠᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠶ᠋ᠳᠪᠦᠷᠢᠯᠡᠪᠡ᠃ | ᠾᠧ ᠰᠢᠤᠸᠠᠢ ᠭᠤᠸᠠᠩ ᠵᠢᠭᠠᠵᠤ ᠭᠠᠷᠭᠠᠭᠰᠠᠨ ᠨᠢ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯ ᠮᠠᠨ ᠤ ᠬᠤᠰᠢᠭᠤᠨ ᠤ ︽ | ᠨᠢᠭᠡ ᠭᠤᠤᠯ ᠭᠤᠷᠪᠠᠨ ᠣᠨᠴᠠ︾ ᠶᠢᠨ ᠠᠵᠤ ᠦᠢᠯᠡᠰ ᠤᠨ ᠪᠠᠶᠢᠷᠢᠰᠢᠯ ᠢ ᠬᠥᠭᠵᠢᠭᠦᠯᠬᠦ ᠴᠢᠬᠤᠯᠠ ᠨᠢᠭᠡ ᠭᠤᠭᠴᠤᠭ᠎ᠠ ᠮᠥᠨ᠂ ᠲᠡᠷᠡ ᠨᠢ ᠲᠠᠷᠢᠶᠠᠯᠠᠩ ᠤᠨ ᠣᠨᠴᠠ | ᠭᠠᠷᠤᠯᠲᠠ ᠶᠢᠨ ᠨᠡᠮᠡᠯᠲᠡ ᠥᠷᠲᠡᠭ ᠢ ᠳᠡᠭᠡᠭᠰᠢᠯᠡᠭᠦᠯᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠲᠦᠢᠯ ᠤᠨ ᠴᠢᠬᠤᠯᠠ ᠶᠤᠮ᠃ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠰᠡᠳᠬᠢᠴᠡ ᠪᠠᠨ | ᠲᠣᠳᠣᠷᠬᠠᠶᠢᠯᠠᠨ᠂ ᠡᠭᠦᠷᠭᠡ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ | ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ᠂ | ᠲᠦᠷᠦᠯ ᠵᠦᠢᠯ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠲᠦᠷᠦ ᠶᠢᠨ | ᠪᠤᠳᠤᠯᠭ᠎ᠠ ᠶᠢᠨ ︽ᠦᠨ᠎ᠡ ᠴᠡᠨ᠎ᠡ︾ ᠶᠢ ᠪᠣᠳᠠᠲᠤ ︽ᠦᠢᠯᠡᠳᠪᠦᠷᠢᠯᠡᠯ ᠤᠨ ᠬᠦᠴᠦᠨ︾ ᠪᠣᠯᠭᠠᠨ ᠬᠤᠪᠢᠷᠠᠭᠤᠯᠬᠤ ᠶᠢ ᠳᠡᠮᠵᠢᠬᠦ ᠬᠡᠷᠡᠭᠲᠡᠢ᠃ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠯᠬᠢᠶ᠎ᠡ ᠶᠢ ᠬᠦᠴᠦᠷᠬᠡᠭᠵᠢᠭᠦᠯᠦᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠤᠷᠲᠤᠳᠬᠠᠬᠤ | ᠲᠣᠭᠤᠷᠢᠨ ᠳᠤ ︽ᠬᠡᠯᠬᠢ᠊ ᠡᠶ᠎ᠡ︾ ᠶᠢᠨ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠰᠢᠷ᠎ᠠ ᠪᠤᠷᠴᠠᠭ᠂ ᠬᠢᠲᠠᠳ ᠡᠪᠡᠰᠦᠨ ᠡᠮ᠂ ᠪᠣᠷᠣ ᠰᠦ ᠵᠡᠷᠭᠡ ᠳᠡᠭᠡᠳᠦ | ᠳᠤᠤᠷᠠᠳᠤ ᠤᠷᠤᠰᠬᠠᠯ ᠤᠨ ᠠᠵᠤ ᠦᠢᠯᠡᠰ ᠢ ᠢᠳᠡᠪᠬᠢᠲᠡᠢ ᠣᠷᠣᠭᠤᠯᠤᠨ ᠠᠪᠴᠢᠷᠠᠵᠤ᠂ ︽ᠨᠢᠭᠡ ᠭᠤᠣᠯ ᠭᠤᠷᠪᠠᠨ ᠣᠨᠴᠠ︾ ᠶᠢᠨ ᠠᠵᠤ ᠦᠢᠯᠡᠰ ᠤᠨ | ᠪᠥᠭᠡᠮᠨᠡᠷᠡᠯ ᠤᠨ ᠰᠢᠰᠲ᠋ᠧᠮ ᠢ ᠦᠷᠭᠦᠯᠵᠢᠯᠡᠨ ᠪᠤᠵᠠᠭᠠᠶᠢᠷᠠᠭᠤᠯᠬᠤ ᠬᠡᠷᠡᠭᠲᠡᠢ᠃ ︽ᠡᠭᠦᠷ ᠪᠠᠷᠢᠵᠤ ᠭᠠᠷᠤᠳᠢ ᠶᠢ ᠲᠠᠲᠠᠬᠤ︾ ᠶᠢ ᠪᠠᠷᠢᠮᠲᠠᠯᠠᠵᠤ᠂ ᠪᠦᠷᠢᠨ ᠲᠡᠭᠦᠯᠳᠡᠷ | ᠬᠦᠷᠢᠶᠡᠯᠡᠩ ᠲᠣᠭᠤᠷᠢᠭ ᠤᠨ ᠲᠥᠬᠦᠭᠡᠷᠦᠮᠵᠢ᠂ ᠲᠡᠷᠢᠭᠦᠨ ᠤ ᠦᠢᠯᠡᠴᠢᠯᠡᠭᠡᠨ ᠤ ᠬᠢᠷᠢ ᠲᠦᠪᠰᠢᠨ ᠢᠶᠠᠷ ᠠᠵᠤ ᠠᠬᠤᠶᠢᠯᠠᠯ ᠤᠨ ᠬᠥᠭᠵᠢᠯᠲᠡ ᠶᠢᠨ ︽ᠵᠥᠭᠡᠯᠡᠨ | ᠣᠷᠴᠢᠨ ᠲᠣᠭᠤᠷᠢᠨ︾ ᠢ ᠲᠠᠰᠤᠷᠠᠯᠲᠠ ᠦᠭᠡᠢ ᠪᠠᠬᠢᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠮᠡᠲᠡᠢ ᠬᠥᠷᠥᠰᠥ ᠶᠢ ᠵᠤᠵᠠᠭᠠᠳᠬᠠᠵᠤ᠂ | ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠦᠢᠯᠡᠳᠪᠦᠷᠢᠯᠡᠯ ᠤᠨ ᠣᠷᠴᠢᠨ | ᠲᠣᠭᠤᠷᠢᠨ ᠢ ᠭᠤᠶᠤᠵᠢᠭᠤᠯᠬᠤ ᠶᠢ ᠪᠠᠷᠢᠮᠲᠠᠯᠠᠵᠤ᠂ ᠤᠶᠤᠨᠴᠢᠯᠠᠭᠰᠠᠨ᠂ ᠵᠢᠷᠤᠮᠵᠢᠭᠤᠯᠤᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ︽ᠵᠢᠭᠤᠯᠴᠢᠯᠠᠯ + ᠠᠵᠤ ᠦᠢᠯᠡᠳᠪᠦᠷᠢ︾᠂ ︽ | ᠬᠦᠷᠢᠶᠡᠯᠡᠩ ᠲᠣᠭᠤᠷᠢᠭ + ᠦᠵᠡᠮᠵᠢ ᠶᠢᠨ ᠣᠷᠣᠨ︾ ᠤ ᠠᠭᠤᠰᠤᠯᠴᠠᠨ ᠬᠥᠭᠵᠢᠬᠦ ᠬᠡᠪ ᠳᠠᠭᠤᠷᠢᠶᠠᠯ ᠪᠣᠯᠭᠠᠬᠤ ᠬᠡᠷᠡᠭᠲᠡᠢ᠃ | |