ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠᠨ ᠨᠢᠭᠡᠳᠦᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/21
    11 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠᠨ ᠨᠢᠭᠡᠳᠦᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠᠨ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠶ ᠰᠤᠷᠤᠯᠴᠠᠵᠤ᠂ ︽ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠶ ᠲᠥᠯᠥᠪᠵᠢᠭᠦᠯᠭᠡ ᠪᠠ ᠪᠣᠳᠣᠯᠬᠢᠯᠠᠯ︾ ᠭᠡᠬᠦ ᠲᠤᠰᠬᠠᠶ ᠰᠡᠳᠦᠪᠲᠦ ᠲᠠᠶᠢᠯᠤᠮᠵᠢ ᠶᠢ ᠰᠣᠨᠣᠰᠴᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠡᠷᠢᠭᠦᠨ ᠴᠢᠬᠤᠯᠠ ᠰᠤᠷᠤᠯᠴᠠᠬᠤ ᠡᠭᠦᠷᠭᠡ ᠪᠣᠯᠭᠠᠵᠤ᠂ ᠴᠠᠭ ᠲᠤᠬᠠᠢ ᠳᠤᠨᠢ ᠳᠠᠭᠠᠵᠤ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠣᠷᠴᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠨᠤᠯ ᠤᠨ ᠰᠤᠳᠤᠯᠭᠠᠨ ᠢ ᠴᠢᠩᠭᠠᠳᠬᠠᠵᠤ᠂ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠢ ᠲᠥᠯᠥᠪᠵᠢᠭᠦᠯᠵᠦ᠂ ︽ᠤᠮᠠᠷᠠᠲᠤ ᠶᠢᠨ ᠰᠣᠶᠣᠯ︾ ᠤᠨ ᠤᠨᠴᠠᠯᠢᠭᠳᠤ ᠲᠦᠷᠦᠯ ᠲᠡᠮᠳᠡᠭ ᠢ ᠪᠣᠯᠪᠠᠰᠤᠷᠠᠭᠤᠯᠤᠨ ᠡᠭᠦᠳᠬᠦ ᠬᠡᠷᠡᠭᠲᠡᠢ᠃    ᠬᠤᠷᠠᠯ ᠠᠴᠠ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠠᠬᠢᠭᠤᠯᠵᠤ᠂ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠵᠣᠷᠢᠭ ᠰᠠᠨᠠᠭ᠎ᠠ ᠪᠠᠨ ᠬᠥᠪᠴᠢᠯᠡᠵᠦ᠂ ᠬᠠᠮᠢᠶ᠎ᠠ ᠪᠦᠬᠦᠢ ᠠᠵᠤ ᠦᠢᠯᠡᠰ ᠤᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃
ᠢᠷᠡᠯᠲᠡ᠄ ᠤᠷᠴᠦᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ