11 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠾᠧ ᠰᠢᠤᠸᠠᠢ | ᠭᠤᠸᠠᠩ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 11 | ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠥᠬᠦ ᠬᠤᠰᠢᠭᠤᠨ ᠤ ᠣᠶ ᠰᠢᠭᠤᠶ ᠶᠢᠨ ᠳᠠᠷᠤᠭ᠎ᠠ ᠶᠢᠨ ᠠᠵᠢᠯ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠶ ᠬᠤᠲᠠ ᠶᠢᠨ ᠲᠡᠷᠭᠡ ᠵᠢᠯᠣᠭᠤᠳᠴᠤ ᠶᠠᠪᠠᠭᠠᠨ ᠬᠥᠮᠦᠨ ᠢ | ᠮᠥᠷᠭᠦᠭᠰᠡᠨ ᠬᠡᠷᠡᠭ ᠲᠤ ᠬᠢᠭᠰᠡᠨ ᠴᠢᠬᠤᠯᠠ ᠴᠣᠬᠤᠯᠠᠪᠤᠷᠢ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠣᠷᠴᠣᠨ ᠤ ᠥᠪᠡᠷᠲᠡᠭᠡᠨ ᠵᠠᠰᠠᠬᠤ | ᠬᠤᠰᠢᠭᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠬᠢᠭᠡᠳ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ︵2024 - 2035︶︾ ᠵᠡᠷᠭᠡ | ᠵᠥᠪᠯᠡᠬᠦ ᠰᠡᠳᠦᠪ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯ | ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠪᠥᠬᠦ ᠬᠤᠰᠢᠭᠤᠨ ᠤ ᠠᠮᠤᠷ ᠲᠦᠪᠰᠢᠨ | ᠲᠣᠭᠲᠠᠭᠤᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠠᠷᠢᠯᠭᠠᠬᠤ ᠠᠵᠢᠯ ᠢ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠷᠭ᠎ᠠ | ᠬᠡᠮᠵᠢᠶ᠎ᠡ ᠶᠢ ᠴᠢᠩᠭᠠᠳᠬᠠᠵᠤ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ᠂ ᠲᠤᠮᠤ ᠬᠡᠯᠪᠡᠷᠢ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ | ᠰᠠᠶᠢᠲᠤᠷ ᠬᠢᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ ᠰᠠᠶᠢᠲᠤᠷ ᠬᠡᠷᠡᠭᠯᠡᠵᠦ᠂ ᠨᠡᠶᠢᠭᠡᠮ ᠤᠨ ᠲᠠᠯ᠎ᠠ ᠶᠢᠨ ᠰᠠᠶᠢᠨ ᠰᠠᠶᠢᠬᠠᠨ | ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃ | ᠭᠠᠯ ᠤᠨᠲᠠᠷᠠᠭᠠᠬᠤ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠳᠠᠯᠳᠠ ᠭᠡᠮ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ | ᠦᠳᠲᠡᠷ ᠲᠦᠷᠭᠡᠨ ᠳᠠᠭᠠᠵᠤ᠂ ᠲᠣᠬᠢᠲᠠᠶ ᠠᠷᠭᠠᠴᠠᠬᠤ ᠬᠡᠷᠡᠭᠲᠡᠶ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ | ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ᠂ ᠨᠡᠩ ᠴᠢᠩᠭ᠎ᠠ ᠱᠠᠭᠠᠷᠳᠠᠯᠭ᠎ᠠ ᠪᠠᠷ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠶ ᠠᠬᠢᠭᠤᠯᠵᠤ᠂ ︽ᠨᠢᠭᠡ ᠭᠤᠤᠯ ᠭᠤᠷᠪᠠᠨ ᠣᠨ︾ ᠤ | ᠳᠠᠪᠠᠭᠤᠯᠢᠭ ᠠᠵᠤ ᠦᠢᠯᠡᠰ ᠤᠨ ᠬᠦᠷᠢᠶ᠎ᠡ ᠴᠠᠷᠠᠭ᠎ᠠ ᠶᠢ ᠬᠠᠷᠠᠭᠠᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠨᠠᠩ | ᠣᠯᠠᠨ ᠨᠡᠶᠢᠭᠡᠮ ᠤᠨ ᠬᠥᠷᠥᠩᠭᠡ ᠶᠢ ᠲᠡᠳᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠣᠷᠣᠭᠤᠯᠬᠤ ᠬᠡᠷᠡᠭᠲᠡᠶ᠃ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠵᠤ ᠦᠢᠯᠡᠰ ᠢ ᠲᠡᠰ ᠳᠡᠪᠰᠢᠭᠦᠯᠬᠦ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠬᠤ᠂ ᠤᠢ ᠰᠢᠭᠤᠢ ᠶᠢᠨ ᠲᠦᠷᠦᠯ ᠲᠡᠮᠳᠡᠭ ᠢ ᠡᠭᠦᠳᠬᠦ᠂ ᠬᠠᠩᠭᠠᠨ ᠪᠣᠷᠣᠯᠠᠭᠤᠯᠬᠤ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ | ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠣᠷᠴᠣᠨ ᠤ ᠦᠯᠢᠭᠡᠷ ᠳᠠᠭᠤᠷᠢᠶᠠᠯ ᠢ | ᠡᠭᠦᠳᠬᠦ ᠬᠡᠷᠡᠭᠲᠡᠢ᠃ | |