ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠵᠤ ᠠᠬᠤᠶ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠣᠯᠭᠤᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/11/28
    ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠶᠢᠨ ᠲᠥᠯᠥᠭᠡ᠂ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠵᠤ᠂ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠦᠨᠳᠦᠰᠦᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠦᠴᠢᠷᠳᠡᠯ ᠢ ᠦᠨᠡᠨ ᠬᠦ ᠬᠠᠪᠰᠤᠷᠤᠨ ᠲᠡᠳᠬᠦᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠲᠠᠩᠰᠠ ᠲᠠᠢ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠨ 70 - 79 ᠪᠦᠬᠦᠯᠢ ᠨᠠᠰᠤᠨ ᠤ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠲᠤ ᠰᠠᠷ᠎ᠠ ᠪᠦᠷᠢ ᠬᠥᠮᠦᠨ ᠳᠤᠮᠳᠠᠴᠢ ᠪᠠᠷ 50 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠦᠢᠯᠡᠴᠢᠯᠡᠭᠡᠨ ᠤ ᠨᠥᠬᠦᠪᠥᠷᠢ ᠣᠯᠭᠤᠨ᠎ᠠ᠃    ᠨᠢᠭᠡ ᠳᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠥᠬᠦᠴᠡᠯ ᠢ ᠰᠠᠶᠢᠵᠢᠷᠠᠭᠤᠯᠬᠤ ᠶᠢ ᠠᠬᠢᠭᠤᠯᠪᠠ᠃ ᠮᠠᠨ ᠤ ᠬᠤᠰᠢᠭᠤ ᠴᠠᠭ ᠲᠤᠬᠠᠶ ᠳᠤᠨᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ᠂ ᠲᠣᠰ ᠵᠦᠢᠯ ᠤᠨ ᠨᠥᠬᠦᠪᠥᠷᠢ ᠣᠯᠭᠤᠮᠵᠢ ᠶᠢ ᠭᠥᠷᠳᠡᠵᠦ ᠳᠡᠶᠢᠯᠬᠦ ᠬᠥᠮᠦᠰ ᠤᠨ ᠬᠥᠳᠡᠯᠦᠩᠭᠦᠶ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠰᠢᠯᠢᠨ ᠰᠣᠩᠭᠤᠵᠤ᠂ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠢ ᠨᠥᠬᠦᠪᠥᠷᠢ ᠶᠢᠨ ᠬᠡᠪᠴᠢᠶᠡᠨ ᠳᠤ ᠣᠷᠣᠭᠤᠯᠬᠤ ᠶᠢ ᠪᠠᠲᠤᠯᠠᠵᠤ᠂ ᠠᠵᠤ ᠠᠬᠤᠶ ᠬᠦᠴᠢᠷᠳᠡᠯᠲᠡᠶ ᠨᠠᠰᠤᠲᠠᠶᠢᠴᠤᠳ ᠤᠨ ᠠᠮᠢᠳᠤᠷᠠᠯ ᠤᠨ ᠨᠥᠬᠦᠴᠡᠯ ᠢ ᠦᠨᠡᠨ ᠬᠦ ᠰᠠᠶᠢᠵᠢᠷᠠᠭᠤᠯᠤᠨ᠎ᠠ᠃    ᠬᠤᠶᠠᠷ ᠲᠤ᠂ ᠵᠢᠷᠤᠮᠵᠢᠯ ᠲᠠᠢ ᠠᠵᠢᠯᠯᠠᠬᠤ ᠶᠢ ᠠᠳᠬᠤᠵᠤ᠂ ᠨᠥᠬᠦᠪᠥᠷᠢ ᠶᠢ ᠪᠣᠳᠠᠲᠠᠶᠢᠵᠢᠭᠤᠯᠬᠤ ᠶᠢ ᠠᠬᠢᠭᠤᠯᠪᠠ᠃ ᠨᠥᠬᠦᠪᠥᠷᠢ ᠣᠯᠭᠤᠬᠤ ᠡᠲᠡᠭᠡᠳ ᠢ ᠲᠣᠭᠲᠠᠭᠠᠭᠰᠠᠨ ᠤ ᠳᠠᠷᠠᠭ᠎ᠠ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠷᠡ ᠳᠠᠷᠤᠶ ᠳᠤᠨᠢ ᠰᠢᠶᠠᠩ ᠪᠠᠯᠭᠠᠰᠤᠨ ᠤ ᠰᠠᠯᠠᠭ᠎ᠠ ᠮᠥᠴᠢᠷ ᠲᠤ ᠮᠡᠳᠡᠭᠳᠡᠵᠦ ᠠᠷᠠᠳ ᠲᠤ ᠠᠰᠢᠭ ᠬᠦᠷᠲᠡᠭᠡᠬᠦ‍ ᠨᠢᠭᠡ ᠺᠠᠷᠲ ᠤᠨ ᠰᠢᠰᠲ᠋ᠧᠮ ᠳᠤ ᠨᠥᠬᠦᠪᠥᠷᠢ ᠣᠯᠭᠤᠬᠤ ᠨᠠᠷᠢᠨ ᠲᠠᠩᠰᠠ ᠶᠢᠨ ᠲᠤᠭ᠎ᠠ ᠪᠠᠷᠢᠮᠲᠠ ᠶᠢ ᠪᠢᠴᠢᠵᠦ ᠣᠷᠣᠭᠤᠯᠤᠨ᠂ ᠲᠤᠭ᠎ᠠ ᠪᠠᠷᠢᠮᠲᠠ ᠶᠢ ᠭᠤᠤᠯᠯᠠᠨ ᠬᠠᠮᠢᠶᠠᠷᠬᠤ ᠲᠣᠪᠴᠢᠶ᠎ᠠ ᠳᠤ ᠮᠡᠳᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠬᠤᠶᠠᠳᠠᠬᠢ ᠤᠳᠠᠭ᠎ᠠ ᠳᠠᠬᠢᠨ ᠬᠢᠨᠠᠯᠲᠠ ᠬᠢᠯᠭᠡᠵᠦ᠂ ᠡᠳ᠋ ᠤᠨ ᠵᠠᠰᠠᠭ ᠤᠨ ᠲᠣᠪᠴᠢᠶ᠎ᠠ ᠠᠴᠠ ᠭᠤᠤᠯᠯᠠᠨ ᠬᠠᠮᠢᠶᠠᠷᠬᠤ ᠲᠣᠪᠴᠢᠶ᠎ᠠ ᠶᠢᠨ ᠮᠡᠳᠡᠭᠦᠯᠦᠨ ᠬᠦᠷᠭᠡᠭᠰᠡᠨ ᠨᠠᠷᠢᠨ ᠲᠠᠩᠰᠠ ᠶᠢ ᠬᠠᠮᠤᠭ ᠤᠨ ᠡᠴᠦᠰ ᠲᠤ ᠳᠠᠬᠢᠨ ᠬᠢᠨᠠᠭᠰᠠᠨ ᠤ ᠳᠠᠷᠠᠭ᠎ᠠ᠂ ︽ᠪᠦᠷᠢᠨ ᠴᠢᠳᠠᠮᠵᠢᠲᠤ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ ᠨᠥᠬᠦᠪᠥᠷᠢ ᠪᠡᠯᠡ ᠮᠥᠩᠭᠦ ᠶᠢ ᠨᠥᠬᠦᠪᠥᠷᠢ ᠪᠡᠯᠡ ᠮᠥᠩᠭᠦ ᠶᠢ ᠨᠥᠬᠦᠪᠥᠷᠢ ᠪᠡᠯᠡ ᠮᠥᠩᠭᠦ ᠶᠢ ᠨᠥᠬᠦᠪᠥᠷᠢ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠨᠥᠬᠦᠪᠥᠷᠢᠯᠡᠬᠦ ᠶᠢ ᠦᠨᠡᠨ ᠬᠦ ᠪᠠᠲᠤᠯᠠᠪᠠ᠃    ᠭᠤᠷᠪᠠ ᠳᠤ᠂ ᠨᠠᠷᠢᠯᠢᠭ ᠦᠢᠯᠡᠴᠢᠯᠡᠭᠡ ᠶᠢ ᠠᠳᠬᠤᠵᠤ᠂ ᠰᠢᠨ᠎ᠡ ᠶᠢ ᠡᠭᠦᠳᠴᠦ ᠦᠷ᠎ᠡ ᠪᠦᠲᠦᠮᠵᠢ ᠶᠢ ᠡᠭᠦᠳᠬᠦ ᠶᠢ ᠠᠬᠢᠭᠤᠯᠪᠠ᠃ ᠪᠡᠯᠡ ᠮᠥᠩᠭᠦ ᠶᠢᠨ ᠬᠠᠮᠢᠶᠠᠷᠤᠯᠲᠠ ᠪᠠ ᠣᠯᠭᠤᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠯᠠᠬᠤ ᠴᠤᠪᠤᠷᠠᠯ ᠢ ᠴᠢᠩᠳᠠᠯᠠᠨ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠡᠯ᠎ᠡ ᠰᠠᠯᠠᠭ᠎ᠠ ᠮᠥᠴᠢᠷ ᠤᠳ ᠨᠥᠬᠦᠪᠥᠷᠢ ᠬᠦᠷᠳᠡᠬᠦ ᠡᠲᠡᠭᠡᠳ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ᠨᠥᠬᠦᠪᠥᠷᠢ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ
ᠢᠷᠡᠯᠲᠡ᠄ ᠤᠷᠴᠦᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ