ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠭᠤᠷᠪᠠᠨ ᠲᠠᠯ᠎ᠠ︾ ᠶᠢᠨ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ
ᠨᠡᠶᠢᠲᠡᠯᠡᠭᠰᠡᠨ ᠴᠠᠭ᠄
2024/11/28
    ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠪᠣᠯ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠡᠮ ᠡᠮᠨᠡᠯᠭᠡ ᠶᠢᠨ ᠡᠷᠬᠡ ᠠᠰᠢᠭ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠬᠤ ᠪᠥᠭᠡᠳ ᠬᠦᠴᠢᠷᠳᠡᠯᠲᠡᠶ ᠣᠯᠠᠨ ᠲᠦᠮᠡᠨ ᠤ ᠪᠠ ᠬᠦᠨᠳᠦ ᠡᠪᠡᠳᠴᠢᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠶᠠᠪᠤᠳᠠᠯ ᠪᠣᠯᠤᠨ᠎ᠠ᠃ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠯᠠ ᠮᠥᠩᠭᠦ ᠶᠢᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠬᠦᠴᠢᠷᠳᠡᠯ ᠠᠴᠠ ᠪᠣᠯᠵᠣ ᠶᠠᠳᠠᠭᠤᠷᠠᠬᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ︾ ᠦᠵᠡᠭᠳᠡᠯ ᠢ ᠪᠠᠭᠠᠰᠬᠠᠵᠤ᠂ ᠬᠦᠴᠢᠷᠳᠡᠯᠲᠡᠶ ᠣᠯᠠᠨ ᠲᠦᠮᠡᠨ ᠤ ︽ᠡᠪᠡᠳᠴᠢᠯᠡᠬᠦ ᠲᠠᠢ ᠪᠣᠯᠬᠤ︾ ᠶᠢ ᠦᠨᠡᠨ ᠬᠦ ᠪᠠᠲᠤᠯᠠᠨ᠎ᠠ᠃    ᠨᠢᠭᠡ᠂ ᠪᠡᠯᠡ ᠮᠥᠩᠭᠦ ᠶᠢᠨ ᠪᠠᠲᠤᠯᠠᠭ᠎ᠠ ᠶᠢᠨ ᠲᠠᠯ᠎ᠠ ᠪᠠᠷ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ ᠬᠡᠷᠡᠭᠴᠡᠭᠡ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠣᠳᠣᠵᠤ᠂ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠲᠣᠬᠢᠷᠠᠯᠴᠠᠭᠰᠠᠨ ᠪᠡᠯᠡ ᠮᠥᠩᠭᠦ ᠶᠢ ᠭᠦᠢᠴᠡᠳ ᠲᠤᠭ᠎ᠠ ᠪᠠᠷ᠂ ᠴᠠᠭ ᠲᠤᠬᠠᠶ ᠳᠤᠨᠢ ᠰᠠᠯᠭᠠᠨ ᠥᠭᠬᠦ ᠶᠢ ᠦᠨᠡᠨᠬᠦ ᠪᠠᠲᠤᠯᠠᠵᠤ᠂ 2024 ᠣᠨ ᠳᠤ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢ 350 ᠲᠦᠮᠡᠨ ᠲᠥᠭᠦᠷᠢᠭ ᠲᠣᠬᠢᠷᠠᠭᠤᠯᠵᠤ᠂ ᠴᠢᠩᠭ᠎ᠠ ᠬᠢᠨᠠᠨ ᠬᠠᠷᠭᠤᠭᠤᠯᠵᠤ᠂ ᠳᠠᠬᠢᠨ ᠬᠢᠨᠠᠬᠤ ᠪᠠ ᠬᠢᠨᠠᠨ ᠵᠥᠪᠰᠢᠶᠡᠷᠡᠵᠦ᠂ ᠪᠡᠯᠡ ᠮᠥᠩᠭᠦ ᠶᠢᠨ ᠵᠠᠷᠤᠯᠭ᠎ᠠ ᠶᠢ ᠴᠢᠩᠭ᠎ᠠ ᠬᠢᠨᠠᠨ ᠬᠠᠷᠭᠤᠭᠤᠯᠵᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠵᠦ᠂ ᠪᠡᠯᠡ ᠮᠥᠩᠭᠦ ᠶᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠬᠦ ᠶᠢ ᠦᠨᠡᠨᠬᠦ ᠪᠠᠲᠤᠯᠠᠨ᠎ᠠ᠃    ᠬᠤᠶᠠᠷ᠂ ᠰᠠᠯᠠᠭ᠎ᠠ ᠮᠥᠴᠢᠷ ᠤᠨ ᠬᠠᠮᠵᠢᠯᠴᠠᠬᠤ ᠲᠠᠯ᠎ᠠ ᠪᠠᠷ᠃ ᠡᠮ ᠡᠮᠨᠡᠯᠭᠡ ᠶᠢᠨ ᠳᠠᠭᠠᠳᠬᠠᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠢ ᠣᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠠᠪᠤᠷᠠᠨ ᠲᠤᠰᠠᠯᠠᠬᠤ ᠡᠲᠡᠭᠡᠳ ᠢ ᠣᠨᠣᠪᠴᠢᠲᠠᠢ ᠢᠯᠭᠠᠨ ᠲᠠᠨᠢᠬᠤ ᠬᠡᠷᠡᠭᠲᠡᠢ᠃ ︽ᠢᠯᠡ᠂ ᠡᠷᠬᠡ ᠲᠡᠭᠰᠢ᠂ ᠲᠥᠪ ᠭᠤᠣᠯᠴᠢ᠂ ᠪᠠᠴᠢᠮ ᠬᠡᠷᠡᠭᠴᠡᠭᠡ ᠲᠠᠢ︾ ᠪᠠᠶᠢᠬᠤ ᠵᠠᠷᠴᠢᠮ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ ᠰᠢᠨᠡᠳᠬᠡᠵᠦ᠂ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠬᠡᠷᠡᠭᠲᠡᠢ᠃    ᠭᠤᠷᠪᠠ᠂ ᠬᠢᠨᠠᠨ ᠬᠡᠮᠵᠢᠬᠦ ᠬᠠᠮᠢᠶᠠᠷᠤᠯᠲᠠ ᠶᠢᠨ ᠲᠠᠯ᠎ᠠ ᠪᠠᠷ᠃ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠪᠠ ᠬᠢᠨᠠᠨ ᠡᠵᠡᠮᠳᠡᠬᠦ ᠶᠢᠨ ᠬᠠᠮᠲᠤ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠲᠤᠯᠠᠭ᠎ᠠ ᠶᠢᠨ ᠴᠢᠳᠠᠮᠵᠢ ᠶᠢ ᠦᠨᠡᠨᠬᠦ ᠪᠠᠳᠠᠷᠠᠭᠤᠯᠬᠤ ᠬᠡᠷᠡᠭᠲᠡᠶ᠃ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃       
ᠢᠷᠡᠯᠲᠡ᠄ ᠤᠷᠴᠦᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ