ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/11/28
    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠣᠷᠣᠭᠤᠯᠤᠯᠲᠠ ᠪᠠᠨ ᠨᠡᠮᠡᠭᠳᠡᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠲᠡᠨ ᠤ ᠠᠵᠢᠯ ᠢ ᠢᠳᠡᠪᠬᠢᠲᠡᠶ ᠳᠡᠮᠵᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠪᠠ᠃ ᠲᠣᠪᠴᠢᠶᠠᠨ ᠤ ᠤᠳᠤᠷᠢᠳᠬᠤ ᠪᠠᠭ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠵᠠᠷᠤᠳᠠᠯ ᠤᠨ ᠣᠷᠣᠭᠤᠯᠤᠯᠲᠠ ᠶᠢ ᠪᠠᠲᠤᠯᠠᠪᠠ᠃ ᠥᠪᠡᠷᠲᠡᠭᠡᠨ ᠵᠠᠰᠠᠬᠤ ᠬᠤᠰᠢᠭᠤᠨ ᠤ ᠱᠠᠭᠠᠷᠳᠠᠯᠭ᠎ᠠ ᠶᠣᠰᠣᠭᠠᠷ᠂ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠦᠨᠳᠦᠰᠦᠲᠡᠨ ᠤ ᠠᠵᠢᠯ ᠢ ᠬᠠᠷᠢᠭᠤᠴᠠᠯᠭᠠᠲᠠᠨ ᠳᠤ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠪᠦᠲᠦᠮᠵᠢᠲᠡᠶ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠪᠠ᠃    ᠵᠠᠷᠤᠳᠠᠯ ᠪᠣᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠰᠠᠶᠢᠲᠤᠷ ᠬᠢᠬᠦ ᠶᠢᠨ ᠪᠠᠲᠤᠯᠠᠭ᠎ᠠ ᠮᠥᠨ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠨᠳᠦᠰᠦᠲᠡᠨ ᠤ ᠠᠵᠢᠯ ᠤᠨ ᠵᠠᠷᠤᠳᠠᠯ ᠢ ᠪᠦᠬᠦᠨ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠳᠡᠭᠡᠳᠦ ᠱᠠᠲᠤᠨ ᠤ ᠦᠨᠳᠦᠰᠦᠲᠡᠨ ᠤ ᠠᠵᠢᠯ ᠤᠨ ᠲᠤᠰᠬᠠᠶ ᠪᠠᠯᠠ ᠮᠥᠩᠭᠦ ᠶᠢ ᠴᠠᠭ ᠲᠤᠬᠠᠶ ᠳᠤᠨᠢ ᠲᠥᠰᠦᠪ ᠤᠨ ᠨᠢᠭᠡᠴᠡ ᠳᠤ ᠪᠠᠭᠤᠯᠭᠠᠬᠤ ᠶᠢᠨ ᠬᠠᠮᠲᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠪᠡᠯᠡ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠭᠦᠨ᠎ᠡ᠃ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠬᠦᠴᠢᠷᠳᠡᠯᠲᠡᠶ ᠪᠠᠶᠢᠳᠠᠯ ᠳᠣᠤᠷ᠎ᠠ᠂ ᠵᠢᠯ ᠪᠦᠷᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠵᠠᠷᠤᠳᠠᠯ ᠲᠣᠬᠢᠷᠠᠭᠤᠯᠵᠤ᠂ 2023 ᠣᠨ ᠳᠤ ᠬᠤᠰᠢᠭᠤᠨ ᠤ ᠲᠣᠰ ᠱᠠᠲᠤ ᠨᠢ ᠡᠩ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ 7.4 ᠲᠦᠮᠡᠨ ᠲᠥᠭᠦᠷᠢᠭ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠰᠢᠯᠭᠠᠨ ᠠᠪᠬᠤ ᠵᠠᠷᠤᠳᠠᠯ 25 ᠲᠦᠮᠡᠨ ᠲᠥᠭᠦᠷᠢᠭ᠂ ᠦᠨᠳᠦᠰᠦᠲᠡᠨ ᠤ ᠠᠵᠢᠯ ᠤᠨ ᠤᠬᠠᠭᠤᠯᠭ᠎ᠠ ᠪᠣᠯᠪᠠᠰᠤᠷᠠᠭᠤᠯᠤᠯ ᠤᠨ ᠵᠠᠷᠤᠳᠠᠯ 2.5 ᠲᠦᠮᠡᠨ ᠲᠥᠭᠦᠷᠢᠭ᠂ ᠦᠨᠳᠦᠰᠦᠲᠡᠨ ᠤ ᠠᠵᠢᠯ ᠤᠨ ᠬᠢᠨᠠᠯᠲᠠ ᠪᠠᠶᠢᠴᠠᠭᠠᠯᠲᠠ ᠶᠢᠨ ᠵᠠᠷᠤᠳᠠᠯ 2.5 ᠲᠦᠮᠡᠨ ᠲᠥᠭᠦᠷᠢᠭ᠂ ᠬᠡᠷ ᠤᠨ ᠭᠠᠳᠠᠨᠠᠬᠢ ᠤᠬᠠᠭᠤᠯᠭ᠎ᠠ 9.28 ᠲᠦᠮᠡᠨ ᠲᠥᠭᠦᠷᠢᠭ᠂ ᠴᠢᠬᠤᠯᠠ ᠶᠡᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠥᠩᠭᠡᠲᠦ ᠬᠡᠪᠯᠡᠯ ᠤᠨ ᠵᠠᠷᠤᠳᠠᠯ 4 ᠲᠦᠮᠡᠨ ᠲᠥᠭᠦᠷᠢᠭ᠂ 2023 ᠣᠨ ᠠᠴᠠ ᠡᠨᠡ ᠵᠢᠯ ᠤᠨ ᠨᠢᠭᠡᠳᠦᠭᠡᠷ ᠤᠯᠠᠷᠢᠯ ᠳᠤ ᠲᠥᠰᠦᠪ ᠤᠨ ᠨᠢᠭᠡᠴᠡ ᠶᠢᠨ ᠪᠣᠳᠠᠲᠠᠶ ᠠᠵᠢᠯ ᠤᠨ ᠬᠡᠷᠡᠭᠴᠡᠭᠡ ᠶᠢ ᠦᠨᠳᠦᠰᠦᠯᠡᠨ ᠨᠢᠭᠡᠨᠲᠡ 100.68 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠰᠠᠯᠭᠠᠨ ᠥᠭᠪᠡ᠃ ᠡᠭᠦᠨ ᠤ ᠬᠠᠮᠲᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠨᠳᠦᠰᠦᠲᠡᠨ ᠤ ᠠᠵᠢᠯ ᠤᠨ ᠲᠤᠰᠬᠠᠶ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠠᠵᠢᠯ ᠤᠨ ᠵᠠᠷᠤᠳᠠᠯ ᠤᠨ ᠬᠡᠷᠡᠭᠯᠡᠯᠲᠡ ᠶᠢᠨ ᠬᠠᠤᠯᠢ ᠶᠣᠰᠣᠨ ᠤ᠂ ᠲᠣᠭᠲᠠᠭᠠᠯ ᠳᠤ ᠨᠡᠶᠢᠴᠡᠬᠦ᠂ ᠪᠦᠲᠦᠮᠵᠢᠲᠡᠶ ᠪᠠᠶᠢᠬᠤ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠨ ᠰᠠᠶᠢᠵᠢᠷᠠᠭᠤᠯᠪᠠ᠃       
ᠢᠷᠡᠯᠲᠡ᠄ ᠤᠷᠴᠦᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ