ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠬᠤᠰᠢᠭᠤᠨ ᠤ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠠᠮᠢᠶᠠᠷᠤᠯᠲᠠ ᠪᠠ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/28
    ᠣᠶᠢᠷ᠎ᠠ ᠳᠤ᠂ ᠪᠥᠬᠦ ᠬᠤᠰᠢᠭᠤᠨ ᠤ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠠᠮᠢᠶᠠᠷᠤᠯᠲᠠ ᠪᠠ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠵᠤ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠡᠷᠬᠢᠯᠡᠬᠦ᠂ ᠠᠮᠤᠷ ᠲᠦᠪᠰᠢᠨ ᠢᠶᠠᠷ ᠠᠵᠢᠯᠯᠠᠬᠤ᠂ ᠵᠢᠷᠤᠮᠵᠢᠭᠤᠯᠤᠨ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠪᠠ᠃ ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠬᠤᠰᠢᠭᠤᠨ ᠤ ᠳᠣᠲᠣᠷᠠᠬᠢ 9 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠴᠦᠨ ᠯᠢᠩ᠂ ᠳᠡᠳ᠋ ᠡᠷᠬᠢᠯᠡᠭᠴᠢ ᠫᠦ᠋ ᠴᠦᠨ ᠹᠦ᠋᠂ ᠴᠢᠶᠣᠤ ᠯᠸᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠳᠣᠲᠣᠷᠠᠬᠢ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠡᠮᠴᠢᠯᠡᠭᠡᠨ ᠤ ᠭᠠᠵᠠᠷ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠠᠮᠠᠨ ᠬᠥᠨᠳᠡᠶ ᠶᠢᠨ ᠡᠭᠦᠳᠡᠨ ᠡᠮᠨᠡᠯᠭᠡ ᠵᠡᠷᠭᠡ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠬᠠᠮᠢᠶ᠎ᠠ ᠪᠥᠬᠦᠶ ᠡᠮᠴᠢᠯᠡᠭᠡᠨ ᠤ ᠠᠵᠢᠯᠲᠠᠳ ᠬᠤᠷᠠᠯ ᠳᠤ ᠣᠷᠣᠯᠴᠠᠵᠠᠶ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠴᠢᠩᠭᠠᠳᠬᠠᠬᠤ ᠬᠡᠷᠡᠭᠲᠡᠢ᠃ ᠬᠠᠤᠯᠢ ᠶᠢ ᠰᠠᠬᠢᠬᠤ ᠤᠬᠠᠮᠰᠠᠷ ᠢ ᠪᠤᠢ ᠪᠣᠯᠭᠠᠵᠤ᠂ ᠡᠮᠴᠢᠯᠡᠭᠡᠨ ᠤ ᠭᠠᠵᠠᠷ ᠤᠨ ᠡᠵᠡᠩᠨᠡᠯᠲᠡ ᠶᠢᠨ ᠵᠢᠷᠤᠮᠵᠢᠯ ᠲᠠᠢ ᠬᠠᠤᠯᠢ ᠶᠣᠰᠣᠨ ᠤ ᠪᠠᠶᠢᠬᠤ ᠶᠢ ᠦᠨᠡᠨ ᠬᠦ ᠪᠠᠲᠤᠯᠠᠵᠤ᠂ ᠬᠡᠪᠴᠢᠶ᠎ᠡ ᠠᠴᠠ ᠬᠡᠲᠦᠷᠡᠭᠦᠯᠦᠨ ᠦᠢᠯᠡᠴᠢᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠬᠤᠶᠠᠷ ᠲᠤ᠂ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠠᠵᠢᠯ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠡᠷᠡᠭᠦᠯ ᠬᠠᠮᠠᠭᠠᠯᠠᠯ ᠤᠨ ᠪᠤᠰᠤ ᠮᠡᠷᠭᠡᠵᠢᠯ ᠤᠨ ᠠᠵᠢᠯᠲᠠᠨ ᠤ ᠡᠮᠴᠢᠯᠡᠭᠡᠨ ᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ ᠡᠯ᠎ᠡ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠨᠡᠯᠭᠡ ᠶᠢᠨ ᠠᠵᠢᠯᠲᠠᠳ ᠡᠯ᠎ᠡ ᠵᠦᠢᠯ ᠤᠨ ᠲᠣᠭᠲᠠᠭᠠᠯ ᠶᠣᠰᠣᠭᠠᠷ ᠵᠦᠢ ᠵᠣᠬᠢᠰᠲᠠᠶ ᠪᠠᠶᠢᠴᠠᠭᠠᠯᠲᠠ ᠬᠢᠵᠦ᠂ ᠵᠦᠢ ᠵᠣᠬᠢᠰᠲᠠᠶ ᠡᠮ ᠬᠡᠷᠡᠭᠯᠡᠵᠦ ᠂ ᠵᠦᠢ ᠵᠣᠬᠢᠰᠲᠠᠶ ᠡᠮᠨᠡᠨ ᠵᠠᠰᠠᠵᠤ᠂ ᠰᠦᠢᠳᠬᠡᠯ ᠬᠤᠷᠢᠶᠠᠬᠤ ᠶᠢ ᠵᠢᠷᠤᠮᠵᠢᠭᠤᠯᠬᠤ ᠬᠡᠷᠡᠭᠲᠡᠶ᠃ ᠭᠤᠷᠪᠠ ᠳᠤ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠯᠠᠯ ᠤᠨ ᠬᠠᠮᠢᠶᠠᠷᠤᠯᠲᠠ ᠶᠢ ᠴᠢᠩᠭᠠᠳᠬᠠᠪᠠ᠃ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠵᠢᠴᠢ ᠲᠡᠭᠦᠨ ᠤ ᠬᠤᠯᠪᠣᠭᠳᠠᠯ ᠪᠦᠬᠦᠢ ᠠᠶᠤᠯ ᠲᠦᠭᠰᠢᠭᠦᠷᠢ ᠶᠢᠨ ᠬᠦᠴᠦᠨ ᠵᠦᠢᠯ ᠢ ᠬᠢᠨᠠᠨ ᠬᠡᠮᠵᠢᠬᠦ᠂ ᠵᠠᠳᠠᠯᠬᠤ ᠪᠠ ᠬᠠᠷᠢᠭᠤ ᠲᠤᠰᠬᠠᠵᠤ᠂ ᠠᠰᠠᠭᠤᠳᠠᠯ ᠳᠤ ᠴᠢᠭᠯᠡᠭᠦᠯᠦᠨ ᠬᠢᠵᠠᠭᠠᠷᠯᠠᠬᠤ ᠠᠷᠭ᠎ᠠ ᠬᠡᠮᠵᠢᠶ᠎ᠡ ᠳᠤᠷᠠᠳᠴᠤ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠯᠠᠬᠤ ᠬᠡᠷᠡᠭ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠳᠦᠷᠢᠮ ᠪᠠᠶᠢᠭᠤᠯᠵᠤ᠂ ᠲᠥᠷᠥᠯ ᠬᠤᠪᠢᠶᠠᠬᠤ᠂ ᠪᠣᠭᠤᠳᠠᠯᠯᠠᠬᠤ᠂ ᠲᠡᠭᠡᠭᠡᠪᠦᠷᠢᠯᠡᠬᠦ ᠪᠠ ᠰᠢᠶ᠋ᠳᠪᠦᠷᠢᠯᠡᠬᠦ ᠶᠢ ᠵᠢᠷᠤᠮᠵᠢᠭᠤᠯᠤᠨ᠂ 48 ᠴᠠᠭ ᠤᠨ ᠳᠣᠲᠣᠷ᠎ᠠ ᠵᠢᠷᠤᠮᠵᠢᠯ ᠲᠠᠢ ᠰᠢᠶ᠋ᠳᠪᠦᠷᠢᠯᠡᠬᠦ ᠶᠢ ᠦᠨᠡᠨᠬᠦ ᠪᠠᠲᠤᠯᠠᠨ᠎ᠠ᠃ ᠳᠥᠷᠪᠡ ᠳᠤ ᠦᠢᠯᠡᠳᠪᠦᠷᠢᠯᠡᠯ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯ ᠥᠬᠡᠶ ᠦᠶ᠋ᠯᠡᠳᠪᠦᠷᠢᠯᠡᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠭᠤᠤᠯᠳᠠᠯᠭ᠎ᠠ ᠲᠠᠢ ᠭᠤᠭᠴᠤᠭ᠎ᠠ ᠳᠤ ᠳᠤᠲᠠᠭᠤᠳᠠᠯ ᠢ ᠨᠥᠬᠦᠪᠥᠷᠢᠯᠡᠵᠦ᠂ ᠳᠤᠲᠠᠭᠤᠳᠠᠯ ᠢ ᠪᠠᠶᠢᠴᠠᠭᠠᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠭᠠᠯ ᠤᠨᠲᠠᠷᠠᠭᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠭᠡᠨᠡᠳᠲᠡ ᠶᠢᠨ ᠪᠠᠶᠢᠳᠠᠯ ᠲᠠᠢ ᠬᠥᠮᠦᠰ ᠢ ᠲᠠᠷᠬᠠᠭᠠᠨ ᠰᠢᠯᠵᠢᠭᠦᠯᠬᠦ ᠵᠡᠷᠭᠡ ᠠᠳᠠᠯᠢ ᠪᠤᠰᠤ ᠲᠠᠯᠠᠪᠤᠷ᠂ ᠠᠳᠠᠯᠢ ᠪᠤᠰᠤ ᠲᠥᠷᠥᠯ ᠤᠨ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠡᠨᠡᠳᠲᠡ ᠶᠢᠨ ᠪᠠᠶᠢᠳᠠᠯ ᠤᠨ ᠬᠥᠮᠦᠰ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠲᠠᠪᠤ ᠳᠤ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠴᠢᠩᠭᠠᠳᠬᠠᠨ᠎ᠠ᠃ ᠡᠮᠴᠢᠯᠡᠭᠡᠨ ᠤ ᠶᠠᠰᠤ ᠴᠢᠨᠠᠷ ᠢ ᠴᠢᠩᠭᠠᠳᠬᠠᠵᠤ᠂ ᠠᠷᠪᠠᠨ ᠨᠠᠶ᠋ᠮᠠᠨ ᠵᠦᠢᠯ ᠤᠨ ᠭᠤᠤᠯ ᠪᠣᠯᠬᠤ ᠳᠦᠷᠢᠮ ᠢ ᠬᠢᠨᠠᠮᠠᠭᠠᠶ ᠬᠡᠷᠡᠭᠵᠢᠭᠦᠯᠬᠦ ᠬᠡᠷᠡᠭᠲᠡᠶ᠃ ᠦᠢᠯᠡᠴᠢᠯᠡᠭᠡᠨ ᠤ ᠣᠪᠣᠷ ᠢᠶᠠᠨ ᠴᠢᠩᠭᠠᠳᠬᠠᠵᠤ᠂ ᠡᠮᠴᠢ ᠡᠪᠡᠳᠴᠢᠲᠡᠨ ᠤ ᠵᠢᠭᠤᠷᠠᠯᠳᠤᠭᠠᠨ ᠪᠣᠯᠤᠨ ᠡᠮᠴᠢᠯᠡᠭᠡᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃       
ᠢᠷᠡᠯᠲᠡ᠄ ᠤᠷᠴᠦᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ