ᠪᠠᠲᠤᠯᠠᠪᠤᠷᠢ ᠶᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠨᠢ ᠣᠯᠠᠨ ᠲᠦᠮᠡᠨ ᠤ ᠣᠷᠣᠨ ᠰᠠᠭᠤᠴᠠ ᠶᠢᠨ ᠬᠦᠴᠢᠷᠳᠡᠯ ᠢ ᠰᠶᠢᠳᠪᠦᠷᠢᠯᠡᠨ᠎ᠡ
ᠨᠡᠶᠢᠲᠡᠯᠡᠭᠰᠡᠨ ᠴᠠᠭ᠄
2024/11/28
    ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠠᠬᠢᠭᠤᠯᠬᠤ ᠪᠠᠷ ᠬᠠᠷᠠᠯᠲᠠ ᠪᠣᠯᠭᠠᠨ᠎ᠠ᠃ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠦᠨᠡᠨᠬᠦ ᠰᠢᠶ᠋ᠳᠪᠦᠷᠢᠯᠡᠬᠦ ᠶᠢᠨ ᠲᠤᠰᠠᠳᠠ᠂ ᠭᠡᠷ ᠪᠠᠶᠢᠰᠢᠩ ᠦᠭᠡᠶ ᠪᠤᠶᠤ ᠬᠥᠮᠦᠨ ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠲᠠᠯᠠᠪᠠᠶ ᠨᠢ 15 ᠲᠡᠭᠰᠢ ᠳᠥᠷᠪᠡᠯᠵᠢᠨ ᠮᠧᠲᠷ ᠬᠦᠷᠬᠦ ᠦᠭᠡᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠲᠤᠰ ᠬᠠᠮᠲᠤᠯᠢᠭ ᠤᠨ ᠭᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠪᠦᠲᠦᠮᠵᠢᠲᠡᠶ ᠪᠠᠷ ᠨᠠᠮᠳᠠᠭᠤᠯᠵᠤ᠂ ᠲᠦᠷᠢᠶᠡᠰᠦᠨ ᠮᠥᠩᠭᠦ ᠶᠢᠨ ᠵᠠᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠦᠨ᠎ᠡ᠃    ᠬᠢᠮᠳᠠ ᠲᠦᠷᠢᠶᠡᠰᠦᠲᠦ ᠣᠷᠣᠨ ᠰᠠᠭᠤᠴᠠ ᠳᠤ ᠨᠥᠬᠦᠪᠥᠷᠢ ᠥᠭᠬᠦ ᠠᠷᠭ᠎ᠠ ᠶᠢ ᠦᠨᠳᠦᠰᠦᠯᠡᠨ᠂ ᠲᠥᠪ ᠭᠤᠤᠯᠴᠢ᠂ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠵᠤ ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠳᠤ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠨᠥᠬᠦᠪᠥᠷᠢ ᠥᠭᠬᠦ ᠡᠭᠦᠷᠭᠡ ᠶᠢ ᠬᠡᠷᠡᠭᠵᠢᠭᠦᠯᠬᠦ ᠬᠡᠷᠡᠭᠲᠡᠶ᠃ ᠭᠤᠷᠪᠠ ᠶᠢ ᠬᠢᠨᠠᠬᠤ ᠭᠤᠷᠪᠠ ᠶᠢ ᠵᠠᠷᠯᠠᠨ ᠲᠠᠷᠬᠠᠭᠠᠬᠤ ᠵᠠᠷᠴᠢᠮ ᠢ ᠦᠨᠳᠦᠰᠦᠯᠡᠨ ᠨᠥᠬᠦᠪᠥᠷᠢ ᠣᠯᠭᠤᠨ᠎ᠠ᠄    1. ᠨᠥᠬᠦᠪᠥᠷᠢ ᠣᠯᠭᠤᠬᠤ ᠪᠠᠷ ᠭᠤᠶᠤᠴᠢᠯᠠᠭᠰᠠᠨ ᠬᠥᠮᠦᠰ ᠨᠢ ᠤᠤᠯ ᠤᠨ ᠣᠷᠣᠨ ᠰᠠᠭᠤᠴᠠ ᠶᠢᠨ ᠬᠥᠮᠦᠨ ᠪᠦᠷᠢ ᠶᠢᠨ ᠳᠤᠮᠳᠠᠴᠢ ᠲᠠᠯᠠᠪᠠᠶ ᠶᠢ ᠲᠣᠭᠲᠠᠭᠰᠠᠨ ᠲᠠᠯᠠᠪᠠᠶ ᠶᠢᠨ ᠬᠡᠪᠴᠢᠶᠡᠨ ᠳᠣᠲᠣᠷ᠎ᠠ ᠪᠠᠶᠢᠯᠭᠠᠬᠤ ᠮᠥᠷᠲᠡᠭᠡᠨ ᠭᠤᠶᠤᠴᠢᠯᠠᠭᠴᠢ ᠠᠴᠠ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠢᠩᠭᠤ ᠰᠠᠭᠤᠭ᠎ᠠ ᠠᠷᠠᠳ ᠲᠤ ᠬᠠᠷᠢᠶᠠᠯᠠᠭᠳᠠᠨ᠎ᠠ᠃    2. ᠬᠢᠮᠳᠠ ᠲᠦᠷᠢᠶᠡᠰᠦᠨ ᠭᠡᠷ᠂ ᠬᠢᠮᠳᠠ ᠲᠦᠷᠢᠶᠡᠰᠦᠨ ᠭᠡᠷ᠂ ᠬᠢᠮᠳᠠ ᠲᠣᠬᠢᠯᠢᠭ ᠣᠷᠣᠨ ᠰᠠᠭᠤᠴᠠ ᠵᠡᠷᠭᠡ ᠣᠷᠣᠨ ᠰᠠᠭᠤᠴᠠ ᠶᠢᠨ ᠪᠠᠲᠤᠯᠠᠭ ᠤᠨ ᠪᠣᠳᠣᠯᠭ᠎ᠠ ᠶᠢ ᠬᠡᠷᠡᠭᠵᠢᠭᠦᠯᠦᠭᠰᠡᠨ ‍ᠦᠭᠡᠢ ᠣᠷᠣᠰᠢᠨ ᠰᠠᠭᠤᠭᠴᠢ᠃    3. ᠦᠨᠳᠦᠰᠦᠨ ᠱᠠᠲᠤᠨ ᠤ ᠨᠡᠶᠢᠭᠡᠮ ᠲᠣᠭᠤᠷᠢᠭ ᠠᠴᠠ ᠬᠢᠨᠠᠨ ᠬᠠᠷᠭᠤᠭᠤᠯᠬᠤ ᠶᠢᠨ ᠬᠠᠮᠲᠤ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠠᠯᠢ ᠭᠤᠤᠯ ᠪᠠᠯᠭᠠᠰᠤ ᠠᠴᠠ ᠬᠢᠨᠠᠨ ᠬᠠᠷᠭᠤᠭᠤᠯᠬᠤ ᠶᠢᠨ ᠬᠠᠮᠲᠤ ᠵᠠᠷᠯᠠᠨ ᠨᠡᠶᠢᠲᠡᠯᠡᠵᠦ᠂ ᠬᠠᠮᠤᠭ ᠰᠡᠭᠦᠯ ᠳᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠪᠦᠬᠦᠨ ᠳᠤ ᠲᠣᠬᠢᠷᠠᠬᠤ ᠺᠠᠷᠲ ᠤᠨ ᠰᠢᠰᠲ᠋ᠧᠮ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ ᠥᠩᠭᠡᠷᠡᠭᠡᠭᠰᠡᠨ ᠤ ᠳᠠᠷᠠᠭ᠎ᠠ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠪᠦᠬᠦᠨ ᠳᠤ ᠲᠣᠬᠢᠷᠠᠬᠤ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ ᠨᠢᠭᠡᠳᠦᠯᠲᠡᠶ ᠣᠯᠭᠤᠨ᠎ᠠ᠃    2024 ᠤᠨ ᠪᠣᠯᠬᠤ ᠳᠤ ᠣᠲᠣ ᠪᠣᠯᠲᠠᠯ᠎ᠠ ᠣᠷᠴᠣᠨ ᠤ ᠥᠪᠡᠷᠲᠡᠭᠡᠨ ᠵᠠᠰᠠᠬᠤ ᠬᠤᠰᠢᠭᠤ ᠨᠢᠭᠡᠨᠲᠡ ᠨᠢᠭᠡᠳᠦᠭᠡᠷ ᠤᠯᠠᠷᠢᠯ ᠤᠨ ᠬᠢᠮᠳᠠ ᠲᠦᠷᠢᠶᠡᠰᠦᠨ ᠣᠷᠣᠨ ᠰᠠᠭᠤᠴᠠ ᠳᠤ ᠨᠥᠬᠦᠪᠥᠷᠢ ᠥᠭᠬᠦ ᠠᠵᠢᠯ ᠢ ᠪᠡᠶᠡᠯᠡᠭᠦᠯᠵᠦ᠂ ᠨᠡᠶᠢᠲᠡ 487 ᠡᠷᠦᠬᠡ ᠳᠤ ᠨᠥᠬᠦᠪᠥᠷᠢ ᠥᠭᠴᠦ᠂ ᠲᠠᠯᠪᠢᠭᠰᠠᠨ ᠵᠣᠭᠤᠰ ᠤᠨ ᠲᠤᠭ᠎ᠠ ᠨᠢ 36.53 ᠲᠦᠮᠡᠨ ᠲᠥᠭᠦᠷᠢᠭ ᠲᠤ ᠬᠦᠷᠴᠡᠶ᠃ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠪᠡ᠃
ᠢᠷᠡᠯᠲᠡ᠄ ᠤᠷᠴᠦᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ