ᠣᠶᠢᠷ᠎ᠠ ᠳᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠢᠰᠲ᠋ᠧᠮ ᠤᠨ ᠬᠠᠤᠯᠢ ᠶᠣᠰᠣᠭᠠᠷ ᠠᠵᠢᠯ ᠡᠷᠭᠢᠯᠡᠬᠦ᠂ ᠦᠨᠡᠨᠴᠢ ᠢᠲᠡᠭᠡᠮᠵᠢᠲᠡᠶ ᠡᠮᠴᠢᠯᠡᠭᠡᠨ ᠤ ᠤᠬᠠᠭᠤᠯᠭ᠎ᠠ ᠪᠣᠯᠪᠠᠰᠤᠷᠠᠭᠤᠯᠤᠯ ᠤᠨ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠪᠥᠬᠦ ᠬᠤᠰᠢᠭᠤᠨ ᠤ ᠡᠯ᠎ᠡ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ | ᠠᠵᠢᠯ ᠤᠨ ᠳᠡᠳ᠋ ᠳᠠᠷᠤᠭ᠎ᠠ᠂ ᠰᠠᠯᠠᠭ᠎ᠠ ᠲᠠᠰᠤᠭ ᠤᠨ ᠡᠷᠬᠢᠯᠡᠭᠴᠢ᠂ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠵᠢᠴᠢ ᠠᠷᠠᠳ ᠤᠨ | ᠡᠵᠡᠩᠨᠡᠯᠲᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠬᠠᠮᠢᠶ᠎ᠠ ᠪᠥᠬᠦᠶ ᠡᠮᠴᠢᠯᠡᠭᠡᠨ ᠤ ᠠᠵᠢᠯᠲᠠᠨ 100 ᠭᠠᠷᠤᠶ ᠬᠥᠮᠦᠨ ᠬᠤᠷᠠᠯ ᠳᠤ | ᠣᠷᠣᠯᠴᠠᠵᠠᠶ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠬᠤᠰᠢᠭᠤᠨ ᠳᠣᠲᠣᠷᠠᠬᠢ ᠬᠤᠶᠠᠷ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠯᠪᠡᠭ ᠪᠠᠶᠠᠯᠢᠭ | ᠲᠤᠷᠰᠢᠯᠭ᠎ᠠ ᠲᠠᠢ ᠡᠮᠴᠢᠯᠡᠭᠡᠨ ᠤ ᠠᠵᠢᠯᠲᠠᠨ ᠵᠢᠴᠢ ᠣᠯᠠᠨ ᠵᠢᠯ ᠤᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠳᠤ ᠬᠢᠨᠠᠯᠲᠠ | ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠳ ᠡᠮᠴᠢᠯᠡᠭᠡᠨ ᠤ ᠵᠢᠭᠤᠷᠠᠯᠳᠤᠭᠠᠨ ᠢ ᠰᠡᠷᠭᠡᠶᠢᠯᠡᠬᠦ᠂ ᠵᠣᠷ ᠪᠢᠴᠢᠵᠦ ᠥᠭᠬᠦ᠂ ᠡᠮᠴᠢᠯᠡᠭᠡᠨ ᠤ ᠭᠤᠤᠯ ᠲᠦᠷᠢᠮ᠂ ᠬᠠᠤᠯᠢ | ᠶᠣᠰᠣᠭᠠᠷ ᠠᠵᠢᠯ ᠡᠷᠭᠢᠯᠡᠬᠦ᠂ ᠦᠨᠡᠨᠴᠢ ᠢᠲᠡᠭᠡᠮᠵᠢᠲᠡᠶ ᠡᠮᠴᠢᠯᠡᠭᠡᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠤᠬᠠᠭᠤᠯᠤᠨ | ᠲᠠᠶᠢᠯᠪᠤᠷᠢᠯᠠᠵᠤ᠂ ᠡᠮᠴᠢ ᠪᠠ ᠡᠪᠡᠳᠴᠢᠲᠡᠨ ᠢ ᠨᠡᠪᠲᠡᠷᠡᠯᠴᠡᠭᠦᠯᠬᠦ ᠬᠡᠷᠡᠭ ᠤᠨ ᠵᠢᠱᠢᠶ᠎ᠡ ᠶᠢ ᠵᠠᠳᠠᠯᠬᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ | ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠮᠦᠵᠢᠭᠦᠯᠬᠦ ᠳᠤ ᠣᠷᠣᠯᠴᠠᠭᠰᠠᠳ ᠲᠤ ᠠᠮᠢᠳᠤᠯᠢᠭ ᠪᠥᠭᠡᠳ | ᠬᠠᠤᠯᠢ ᠶᠣᠰᠣᠭᠠᠷ ᠠᠵᠢᠯ ᠡᠷᠭᠢᠯᠡᠬᠦ᠂ ᠦᠨᠡᠨᠴᠢ ᠢᠲᠡᠭᠡᠮᠵᠢᠲᠡᠶ ᠡᠮᠴᠢᠯᠡᠭᠡᠨ ᠤ ᠤᠬᠠᠭᠤᠯᠭ᠎ᠠ ᠬᠥᠮᠦᠵᠢᠯ ᠢ ᠥᠷᠨᠢᠭᠦᠯᠪᠡ᠃ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠵᠢᠯᠲᠠᠳ ᠦᠨᠡᠨᠴᠢ | ᠢᠲᠡᠭᠡᠮᠵᠢᠲᠡᠶ ᠡᠮ ᠡᠮᠨᠡᠯᠭᠡ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠲᠦᠮᠡᠨ ᠳᠤ ᠴᠢᠨᠠᠷ ᠰᠠᠶᠢᠲᠠᠶ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠶ᠋ᠯᠡᠴᠢᠯᠡᠭᠡ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ | |