ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠯᠠ ᠮᠥᠩᠭᠦ ᠶᠢᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/11/28
    ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠵᠢᠯ ᠪᠣᠯᠬᠤ ᠪᠥᠭᠡᠳ ᠪᠦᠬᠦ ᠰᠠᠭᠤᠭᠠᠯᠢ ᠠᠷᠠᠳ ᠲᠤ ᠬᠠᠨᠳᠤᠭᠤᠯᠤᠭᠰᠠᠨ ᠰᠦᠢᠳᠬᠡᠯ ᠬᠤᠷᠢᠶᠠᠬᠤ ᠦᠭᠡᠶ ᠪᠠᠷ ᠬᠠᠩᠭᠠᠬᠤ ᠬᠠᠮᠤᠭ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠪᠣᠯᠤᠨ᠎ᠠ᠃ 2024 ᠣᠨ ᠠᠴᠠ ᠨᠠᠰᠢ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯ ᠢᠶᠠᠨ ᠥᠷᠨᠢᠭᠦᠯᠬᠦ ᠳᠤ ᠢᠳᠡᠪᠬᠢᠲᠡᠶ ᠬᠠᠮᠵᠢᠯᠴᠠᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠯᠠ ᠮᠥᠩᠭᠦ ᠶᠢᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠪᠠ᠃    ᠨᠢᠭᠡ ᠳᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠡᠯᠡ ᠮᠥᠩᠭᠦ ᠶᠢ ᠪᠠᠲᠤᠯᠠᠨ᠎ᠠ᠃ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠤᠰᠢᠭᠤᠨ ᠳᠡᠰ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠣᠨ ᠤ ᠲᠥᠰᠦᠪ ᠲᠤ ᠣᠷᠣᠭᠤᠯᠵᠤ᠂ ᠬᠥᠮᠦᠨ ᠳᠤᠮᠳᠠᠴᠢ ᠶᠢᠨ ᠨᠥᠬᠦᠪᠥᠷᠢ ᠮᠥᠩᠭᠦ ᠶᠢᠨ ᠲᠤᠭ᠎ᠠ ᠶᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢᠨ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ᠃ 2024 ᠣᠨ ᠳᠤ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ 44.38 ᠲᠦᠮᠡᠨ ᠲᠥᠭᠦᠷᠢᠭ ᠲᠣᠬᠢᠷᠠᠭᠤᠯᠵᠤ᠂ ᠴᠠᠭ ᠲᠤᠬᠠᠶ ᠳᠤ ᠨᠢ ᠭᠦᠢᠴᠡᠳ ᠲᠤᠭ᠎ᠠ ᠪᠠᠷ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠪᠠ᠃    ᠬᠤᠶᠠᠷ ᠲᠤ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ 2024 ᠣᠨ ᠳᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠬᠥᠮᠦᠨ ᠳᠤᠮᠳᠠᠴᠢ ᠶᠢᠨ ᠨᠥᠬᠦᠪᠥᠷᠢ ᠶᠢᠨ ᠪᠠᠷᠢᠮᠵᠢᠶ᠎ᠠ ᠨᠢ 85 ᠲᠥᠭᠦᠷᠢᠭ ᠪᠣᠯᠤᠨ᠎ᠠ᠂ ᠡᠭᠦᠨ ᠳᠤ ᠣᠷᠣᠨ ᠨᠤᠲᠤᠭ ᠤᠨ ᠢᠵᠢ ᠪᠥᠷᠢᠳᠦᠭᠦᠯᠦᠭᠰᠡᠨ ᠨᠢ ᠬᠥᠮᠦᠨ ᠳᠤᠮᠳᠠᠴᠢ ᠶᠢᠨ 2.55 ᠲᠥᠭᠦᠷᠢᠭ ᠪᠣᠯᠤᠨ᠎ᠠ᠃ ᠣᠷᠴᠣᠨ ᠤ ᠥᠪᠡᠷᠲᠡᠭᠡᠨ ᠵᠠᠰᠠᠬᠤ ᠬᠤᠰᠢᠭᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠨᠥᠬᠦᠪᠥᠷᠢ ᠶᠢᠨ ᠵᠠᠷᠤᠳᠠᠯ ᠢ ᠲᠤᠭ᠎ᠠ ᠶᠣᠰᠣᠭᠠᠷ ᠭᠦᠢᠴᠡᠳ ᠨᠠᠶᠢᠳᠠᠪᠤᠷᠢᠵᠢᠭᠤᠯᠵᠤ᠂ ᠪᠡᠯᠡ ᠮᠥᠩᠭᠦ ᠰᠠᠯᠭᠠᠨ ᠥᠭᠬᠦ ᠪᠠ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠪᠡᠯᠡ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠪᠡ᠃    ᠭᠤᠷᠪᠠ ᠳᠤ᠂ ᠠᠮᠵᠢᠯᠲᠠ ᠪᠦᠲᠦᠮᠵᠢ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢ ᠳᠡᠭᠡᠭᠰᠢᠯᠡᠭᠦᠯᠦᠨ᠎ᠡ᠃ ᠳᠡᠭᠡᠳᠦ ᠱᠠᠲᠤᠨ ᠤ ᠠᠮᠵᠢᠯᠲᠠ ᠪᠦᠲᠦᠮᠵᠢ ᠶᠢᠨ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠵᠦᠢ ᠵᠣᠬᠢᠰᠲᠠᠶ ᠲᠣᠭᠲᠠᠭᠠᠵᠤ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ ᠠᠮᠵᠢᠯᠲᠠ ᠪᠦᠲᠦᠮᠵᠢ ᠳᠤ ᠦᠨᠡᠯᠡᠯᠲᠡ ᠬᠢᠬᠦ ᠶᠢ ᠥᠷᠨᠢᠭᠦᠯᠦᠨ᠂ ᠪᠡᠯᠡ ᠮᠥᠩᠭᠦ ᠶᠢᠨ ᠬᠠᠮᠢᠶᠠᠷᠤᠯᠲᠠ ᠳᠠᠬᠢ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠦᠷ᠎ᠡ ᠳ᠋ᠦᠩ ᠢ ᠬᠡᠷᠡᠭᠯᠡᠯᠲᠡ ᠶᠢ ᠴᠢᠩᠭᠠᠷᠠᠭᠤᠯᠬᠤ ᠬᠡᠷᠡᠭᠲᠡᠶ᠃   
ᠢᠷᠡᠯᠲᠡ᠄ ᠤᠷᠴᠦᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ