ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ 2024 ᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠪᠥᠬᠦ | ᠲᠠᠯ᠎ᠠ ᠪᠠᠷ ᠡᠵᠡᠮᠰᠢᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠶᠢᠨ ᠲᠥᠯᠥᠭᠡ᠃ | ᠲᠤᠰᠬᠠᠶᠢᠯᠠᠨ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠯᠠ ᠣᠷᠣᠭᠤᠯᠤᠯᠲᠠ ᠶᠢᠨ ᠰᠠᠯᠠᠭᠠᠨ ᠤ ᠳᠡᠳ᠋ ᠳᠠᠷᠤᠭ᠎ᠠ ᠡᠤ ᠰᠢᠤᠸᠠᠨ | ᠴᠢ ᠶᠢ ᠤᠷᠢᠵᠤ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠯᠭᠡᠵᠦ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠠᠯᠢᠨ᠎ᠠ ᠳᠠᠭᠠᠭᠤᠯᠤᠨ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠯᠠ ᠣᠷᠣᠭᠤᠯᠤᠯᠲᠠ ᠶᠢᠨ | ᠲᠤᠰᠬᠠᠶ ᠮᠡᠷᠭᠡᠵᠢᠯ ᠤᠨ ᠠᠵᠢᠯᠲᠠᠨ ᠲᠠᠢ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ 4 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ ᠠ | ᠯᠢ ᠾᠧ ᠪᠠᠯᠭᠠᠰᠤᠨ ᠤ ᠡᠯ᠎ᠡ ᠭᠤᠤᠯᠳᠠᠯᠭ᠎ᠠ ᠲᠠᠢ ᠲᠥᠷᠥᠯ ᠵᠦᠢᠯ ᠤᠨ ᠨᠢᠭᠡᠴᠡ ᠪᠠ ᠳ᠋ᠠ ᠶᠠᠩ ᠱᠤ᠋ ᠪᠠᠯᠭᠠᠰᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ | ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠢᠴᠢ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠲᠠᠷᠢᠶᠠᠯᠠᠩ ᠤᠨ | ᠬᠠᠭᠠᠯᠪᠤᠷᠢᠯᠠᠯᠲᠠ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠳᠤ 3 ᠡᠳᠦᠷ ᠤᠨ ᠬᠤᠭᠤᠴᠠᠭ᠎ᠠ ᠲᠠᠢ ᠪᠠᠶᠢᠴᠠᠭᠠᠨ ᠰᠤᠳᠤᠯᠬᠤ ᠠᠵᠢᠯᠯᠠᠭ᠎ᠠ | ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ᠂ ᠠᠵᠤ ᠠᠬᠤᠶᠢᠯᠠᠯ ᠵᠢᠴᠢ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠢᠭᠡᠴᠡ ᠳᠤ ᠨᠡᠶᠢᠲᠡ 22 | ᠡᠷᠦᠬᠡ ᠭᠦᠨᠵᠡᠭᠡᠶᠢᠷᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ | ᠣᠳᠣᠬᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ᠂ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ | ᠠᠬᠤᠶᠢᠯᠠᠯ ᠤᠨ ᠪᠣᠷᠣᠯᠠᠭᠤᠯᠭ᠎ᠠ ᠶᠢᠨ ᠪᠠᠶᠢᠳᠠᠯ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠪᠠ᠃ | ᠡᠭᠦᠨ ᠤ ᠬᠠᠮᠲᠤ ᠡᠨᠡ ᠵᠢᠯ ᠤᠨ ᠡᠯ᠎ᠡ ᠲᠥᠷᠥᠯ ᠵᠦᠢᠯ ᠤᠨ ᠨᠢᠭᠡᠴᠡ ᠶᠢᠨ ᠨᠢᠭᠡᠨᠲᠡ ᠠᠵᠢᠯ ᠡᠬᠢᠯᠡᠭᠦᠯᠬᠦ ᠪᠠᠷ ᠵᠢᠱᠢᠵᠦ ᠪᠠᠶᠢᠭ᠎ᠠ ᠲᠥᠷᠥᠯ ᠵᠦᠢᠯ ᠵᠢᠴᠢ ᠲᠣᠰ ᠵᠢᠯ ᠤᠨ | ᠶᠠᠭ ᠰᠠᠶᠢᠬᠠᠨ ᠲᠥᠯᠥᠪᠯᠡᠵᠦ ᠪᠠᠶᠢᠭ᠎ᠠ ᠪᠠᠲᠤ ᠪᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠣᠶᠢᠯᠠᠭᠠᠪᠠ᠂ ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠡᠤ ᠰᠢᠤᠸᠠᠨ ᠴᠢ ᠳᠡᠳ᠋ ᠰᠠᠯᠠᠭᠠᠨ ᠳᠠᠷᠤᠭ᠎ᠠ ᠲᠣᠰ ᠤᠳᠠᠭᠠᠨ ᠤ ᠪᠠᠶᠢᠴᠠᠭᠠᠨ ᠰᠤᠳᠤᠯᠬᠤ ᠠᠵᠢᠯᠯᠠᠭ᠎ᠠ ᠳᠤᠮᠳᠠ᠂ ᠲᠥᠷᠥᠯ ᠵᠦᠢᠯ ᠪᠠ ᠠᠵᠤ | ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠲᠦᠪᠡᠭᠲᠡᠶ ᠠᠰᠠᠭᠤᠳᠠᠯ ᠳᠤ ᠲᠤᠬᠠᠶ ᠶᠢᠨ ᠲᠠᠯᠠᠪᠤᠷ ᠲᠤᠨᠢ ᠬᠠᠷᠢᠭᠤᠯᠲᠠ | ᠥᠭᠴᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠲᠤᠬᠠᠶᠢᠯᠠᠭᠰᠠᠨ ᠠᠵᠢᠯ ᠤᠨ ᠵᠢᠯᠣᠭᠤᠳᠬᠤ ᠰᠠᠨᠠᠯ ᠳᠤᠷᠠᠳᠪᠠ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠮᠠᠨ ᠤ ᠬᠤᠰᠢᠭᠤᠨ ᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ᠂ ᠪᠣᠳᠠᠲᠠᠶ ᠶᠢ ᠡᠷᠬᠢᠮᠯᠡᠬᠦ ᠲᠤᠭ᠎ᠠ ᠪᠦᠷᠢᠳᠬᠡᠯ ᠤᠨ ᠰᠠᠭᠤᠷᠢ ᠶᠢ ᠳᠡᠭᠡᠭᠰᠢᠯᠡᠭᠦᠯᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ | ᠦᠢᠯᠡᠴᠢᠯᠡᠬᠦ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠣᠨᠣᠪᠴᠢᠲᠠᠶ ᠡᠵᠡᠮᠰᠢᠬᠦ ᠳᠤ ᠢᠳᠡᠪᠬᠢᠲᠡᠶ ᠦᠢᠯᠡᠳᠦᠯ ᠦᠵᠡᠭᠦᠯᠪᠡ᠃ | ᠲᠠᠷᠠᠭᠠᠴᠢ ᠶᠢᠨ ᠠᠯᠬᠤᠮ ᠳᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠡᠯ᠎ᠡ ᠲᠥᠷᠥᠯ ᠤᠨ ᠪᠠᠶᠢᠴᠠᠭᠠᠨ | ᠰᠤᠳᠤᠯᠤᠯᠲᠠ ᠶᠢᠨ ᠠᠵᠢᠯᠯᠠᠭ᠎ᠠ ᠶᠢ ᠱᠠᠲᠤ ᠬᠤᠪᠢᠶᠠᠨ ᠥᠷᠨᠢᠭᠦᠯᠵᠦ᠂ ᠲᠥᠷᠥᠯ ᠵᠦᠢᠯ ᠤᠨ ᠨᠢᠭᠡᠴᠢ ᠲᠠᠢ ᠢᠳᠡᠪᠬᠢᠲᠡᠶ ᠪᠠᠷ ᠨᠡᠪᠲᠡᠷᠡᠯᠴᠡᠵᠦ᠂ ᠪᠥᠬᠦ ᠬᠤᠰᠢᠭᠤᠨ ᠤ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠴᠠᠭ ᠲᠤᠬᠠᠶ ᠳᠤᠨᠢ ᠬᠥᠮᠥᠷᠭᠡ ᠳᠤ ᠣᠷᠣᠭᠤᠯᠵᠤ᠂ ᠨᠢᠭᠡᠳᠬᠡᠪᠡᠰᠦ ᠵᠣᠬᠢᠬᠤ ᠶᠢ ᠨᠢ | ᠪᠦᠬᠦᠨ ᠢ ᠨᠢᠭᠡᠳᠬᠡᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠠ᠃ | |