ᠣᠶᠢᠷ᠎ᠠ ᠳᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠣᠷᠴᠣᠨ ᠤ ᠥᠪᠡᠷᠲᠡᠭᠡᠨ ᠵᠠᠰᠠᠬᠤ | ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠳ᠋ᠠ ᠶᠠᠩ ᠱᠤ᠋ ᠳ᠋ᠦᠩ ᠲᠠᠯᠠᠪᠠᠶ ᠪᠣᠯᠤᠨ ᠡᠮᠨᠡᠯᠭᠡ ᠶᠢᠨ ᠬᠤᠷᠢᠶᠠᠨ ᠤ ᠶᠡᠭᠡ ᠲᠢᠩᠬᠢᠮ ᠳᠤ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠬᠤᠢ ᠲᠠᠯᠠᠪᠤᠷ ᠤᠨ ᠠᠵᠢᠯᠯᠠᠭ᠎ᠠ | ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠡᠯᠭᠦᠭᠡ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠨᠢᠭᠡ ᠬᠤᠪᠢ ᠵᠠᠬᠢᠳᠠᠯ ᠵᠡᠷᠭᠡ ᠣᠯᠠᠨ ᠵᠦᠢᠯ ᠤᠨ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ᠣᠯᠠᠨ ᠲᠦᠮᠡᠨ ᠳᠤ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ᠵᠡᠷᠭᠡ | ᠡᠮᠴᠢᠯᠡᠭᠡᠨ ᠤ ᠳᠠᠭᠠᠳᠬᠠᠯ ᠤᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠲᠦᠭᠡᠮᠡᠯᠵᠢᠭᠦᠯᠵᠡᠶ᠃ ᠠᠵᠢᠯᠯᠠᠭ᠎ᠠ ᠶᠢᠨ ᠳᠤᠮᠳᠠ᠂ ᠡᠯ᠎ᠡ ᠲᠥᠷᠥᠯ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠮᠠᠲ᠋ᠧᠷᠢᠶᠠᠯ ᠢ ᠨᠡᠶᠢᠲᠡ 1000 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠤᠨ ᠯᠠᠪᠯᠠᠭ᠎ᠠ ᠶᠢ ᠪᠠᠷᠤᠭ 200 ᠬᠥᠮᠦᠨ ᠤᠳᠠᠭ᠎ᠠ | ᠭᠥᠯᠢᠶᠡᠨ ᠠᠪᠴᠤ᠂ ᠲᠤᠬᠠᠶ ᠶᠢᠨ ᠲᠠᠯᠠᠪᠤᠷ ᠤᠨ ᠡᠮᠨᠡᠯᠭᠡ ᠶᠢᠨ ᠠᠵᠢᠯᠲᠠᠳ ᠪᠠᠰᠠ ᠣᠯᠠᠨ ᠲᠦᠮᠡᠨ ᠳᠤ ᠤᠳᠠᠭᠠᠨ ᠴᠢᠨᠠᠷᠲᠠᠶ ᠡᠪᠡᠳᠴᠢᠨ ᠵᠡᠷᠭᠡ ᠡᠮ ᠡᠮᠨᠡᠯᠭᠡ ᠶᠢᠨ | ᠯᠠᠪᠯᠠᠯᠲᠠ ᠶᠢᠨ ᠦᠢᠯᠡᠴᠢᠯᠡᠭᠡ ᠬᠠᠩᠭᠠᠪᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠸᠢᠴᠠᠲ ᠤᠨ ᠪᠦᠯᠦᠭ᠂ ᠣᠯᠠᠨ ᠨᠡᠶᠢᠲᠡ ᠶᠢᠨ ᠳ᠋ᠤᠭᠠᠷ᠂ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠠᠷᠭ᠎ᠠ ᠵᠠᠮ ᠣᠯᠠᠨ ᠲᠠᠰ ᠳᠠᠪᠬᠤᠷᠭ᠎ᠠ ᠪᠠᠷ ᠤᠬᠠᠭᠤᠯᠭ᠎ᠠ ᠶᠢ | ᠰᠠᠶᠢᠲᠤᠷ ᠬᠢᠵᠦ᠂ ᠪᠥᠬᠦ ᠬᠤᠰᠢᠭᠤᠨ ᠳᠤ ᠳᠠᠭᠠᠳᠬᠠᠯ ᠢ ᠮᠡᠬᠡᠯᠡᠬᠦ ᠳᠤ ᠴᠣᠬᠢᠯᠲᠠ ᠥᠭᠬᠦ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠬᠠᠯᠠᠭᠤᠨ | ᠥᠷᠨᠢᠯᠲᠡ ᠭᠠᠷᠭᠠᠵᠤ᠂ ᠪᠥᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠬᠡᠪ ᠰᠤᠷᠲᠠᠯ ᠢ ᠢᠳᠡᠪᠬᠢᠲᠡᠶ ᠪᠣᠶ ᠪᠣᠯᠭᠠᠵᠤ᠂ | ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠥᠴᠦᠬᠡᠨ ᠴᠦ ᠢᠯᠳᠠᠷ ᠬᠠᠶᠠᠬᠤ ᠥᠬᠡᠶ᠂ ᠬᠦᠴᠦᠲᠡᠶ ᠴᠣᠬᠢᠯᠲᠠ ᠥᠭᠴᠦ᠂ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ ︽ᠠᠮᠢ ᠠᠪᠤᠷᠬᠠᠤ ᠵᠣᠭᠤᠰ︾ ᠢ ᠦᠨᠡᠨ | ᠬᠦ ᠰᠠᠶᠢᠲᠤᠷ ᠰᠠᠬᠢᠬᠤ ᠬᠡᠷᠡᠭᠲᠡᠢ᠃ | |