ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2024/11/28
    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠨᠢ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ 2024 ᠣᠨ ᠤ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠳᠠᠭᠠᠳᠬᠠᠯ ᠳᠤ ᠣᠷᠣᠯᠴᠠᠬᠤ ᠳᠠᠶᠢᠴᠢᠯᠠᠯᠲᠠ ᠶᠢᠨ ᠠᠵᠢᠯ ᠥᠷᠨᠢᠭᠦᠯᠪᠡ᠃    ᠠᠵᠢᠯ ᠤᠨ ᠳᠤᠮᠳᠠ᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠡᠩ ᠲᠡᠷᠢᠭᠦᠨ ᠳᠤ ᠡᠯ᠎ᠡ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷᠴᠤᠳ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠦᠨᠳᠦᠰᠦᠨ ᠱᠠᠲᠤᠨ ᠤ ᠭᠠᠷᠲᠠᠨ ᠭᠦᠢᠴᠡᠳᠭᠡᠬᠦ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠳᠠᠷᠠᠭ᠎ᠠ ᠳᠤᠨᠢ᠂ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷ ᠲᠠᠢ ᠬᠠᠮᠲᠤ ᠲᠠᠷᠢᠶᠠᠴᠢᠨ ᠡᠷᠦᠬᠡ ᠳᠤ ᠬᠦᠷᠴᠦ ᠬᠠᠮᠤᠭ ᠤᠨ ᠰᠢᠨ᠎ᠡ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠳᠡᠷᠭᠡᠳᠡᠬᠢ ᠡᠮᠴᠢᠯᠡᠭᠡᠨ ᠤ ᠵᠢᠱᠢᠶ᠎ᠡ ᠲᠠᠢ ᠪᠠᠨ ᠤᠶᠠᠯᠳᠤᠭᠤᠯᠤᠨ᠂ ᠲᠥᠬᠦᠮ ᠣᠶᠢᠯᠠᠭᠠᠮᠵᠢᠲᠠᠶ ᠦᠭᠡ ᠬᠡᠯᠡ ᠪᠠ ᠪᠣᠳᠠᠲᠠᠶ ᠵᠢᠱᠢᠶ᠎ᠡ ᠪᠠᠷ ᠲᠡᠳᠡᠨ ᠳᠤ ᠳᠠᠭᠠᠳᠬᠠᠯ ᠳᠤ ᠣᠷᠣᠯᠴᠠᠬᠤ ᠠᠴᠠ ᠪᠣᠯᠤᠭᠰᠠᠨ ᠠᠰᠢᠭ ᠲᠤᠰᠠ ᠪᠠ ᠪᠠᠲᠤᠯᠠᠭ᠎ᠠ ᠶᠢ ᠲᠠᠶᠢᠯᠪᠤᠷᠢᠯᠠᠨ ᠥᠭᠴᠦ᠂ ᠣᠨᠴᠠ ᠵᠠᠷᠢᠮ ᠳᠠᠭᠠᠳᠬᠠᠯ ᠳᠤ ᠣᠷᠣᠯᠴᠠᠬᠤ ᠬᠦᠰᠡᠯ ᠡᠷᠡᠮᠡᠯᠵᠡᠯ ᠴᠢᠩᠭ᠎ᠠ ᠥᠬᠡᠶ ᠲᠠᠷᠢᠶᠠᠴᠢᠨ ᠡᠷᠦᠬᠡ ᠳᠤ ᠬᠠᠮᠤᠭ ᠤᠨ ᠰᠢᠨ᠎ᠡ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠵᠢᠴᠢ ᠬᠠᠷᠠᠭᠠᠯᠵᠠᠯ ᠭᠥᠷᠳᠡᠬᠦ ᠪᠠᠷᠢᠮᠵᠢᠶ᠎ᠠ ᠶᠢ ᠬᠠᠨᠳᠤᠯᠭᠠᠲᠤ ᠴᠢᠨᠠᠷᠲᠠᠶ ᠪᠠᠷ ᠭᠦᠨᠵᠡᠭᠡᠶ ᠣᠶᠢᠯᠠᠭᠠᠭᠤᠯᠵᠤ᠂ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠂ ᠲᠠᠲᠠᠪᠤᠷᠢᠯᠠᠨ ᠲᠤᠰᠢᠶᠠᠬᠤ ᠬᠤᠭᠤᠴᠠᠭᠠᠨ ᠳᠤ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠬᠤ ᠶᠢ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠠᠪᠴᠢᠷᠠᠭᠰᠠᠨ ᠡᠷᠡᠭᠦᠯ ᠮᠡᠨᠳᠦ ᠶᠢᠨ ᠪᠠᠲᠤᠯᠠᠭ᠎ᠠ ᠶᠢ ᠬᠦᠷᠲᠡᠭᠡᠵᠦ᠂ ᠮᠠᠨ ᠤ ᠬᠤᠰᠢᠭᠤᠨ ᠤ ᠴᠢᠨᠠᠷ ᠰᠠᠶᠢᠲᠠᠶ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠪᠠ᠃    ᠡᠭᠦᠨ ᠤ ᠬᠠᠮᠲᠤ᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠪᠠᠰᠠ ᠲᠤᠬᠠᠶ ᠶᠢᠨ ᠲᠠᠯᠠᠪᠤᠷ ᠲᠤ ᠰᠦᠢᠳᠭᠡᠯ ᠲᠤᠰᠢᠶᠠᠭᠰᠠᠨ ᠥᠬᠡᠶ ᠣᠯᠠᠨ ᠲᠦᠮᠡᠨ ᠤ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠶᠢ ᠭᠠᠷ ᠲᠠᠯᠪᠢᠨ ᠵᠢᠯᠣᠭᠤᠳᠴᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ︽ᠵᠠᠶ ᠵᠠᠪᠰᠠᠷ ᠥᠬᠡᠶ︾ ᠪᠣᠯᠭᠠᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠲᠦᠰᠢᠭᠯᠡᠬᠦ ᠶᠢ ᠦᠨᠡᠨ ᠬᠦ ᠪᠡᠶᠡᠯᠡᠭᠦᠯᠪᠡ᠃       
ᠢᠷᠡᠯᠲᠡ᠄ ᠤᠷᠴᠦᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ