ᠣᠶᠢᠷ᠎ᠠ ᠳᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠠᠵᠢᠯᠲᠠᠨ ᠠᠵᠢᠯᠴᠢᠨ ᠢ ᠵᠣᠬᠢᠶᠠᠨ | ᠪᠠᠶᠢᠭᠤᠯᠵᠤ ︽ᠬᠥᠯᠥᠨ ᠪᠤᠶᠢᠷ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠠᠳᠡᠯ ᠤᠨ ᠳᠠᠯᠳᠠ ᠬᠡᠮ ᠤᠨ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠠᠷᠭ᠎ᠠ ︵ | ᠲᠤᠷᠰᠢᠨ ᠬᠡᠷᠡᠭᠵᠢᠭᠦᠯᠬᠦ︶︾ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠪᠡ᠃ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠤᠨ᠂ ᠡᠯ᠎ᠡ ᠰᠠᠯᠠᠭ᠎ᠠ ᠮᠥᠴᠢᠷ ᠤᠨ ᠡᠷᠬᠢᠯᠡᠭᠰᠡᠨ ᠠᠶᠤᠯ ᠦᠭᠡᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠠᠵᠢᠯᠲᠠᠨ ᠠᠵᠢᠯᠴᠢᠳ ᠤᠨ ᠠᠶᠤᠯ ᠦᠭᠡᠶ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠦᠵᠡᠯ ᠤᠬᠠᠮᠰᠠᠷ ᠪᠣᠯᠤᠨ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠶ᠃ | ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ | ᠬᠠᠷᠢᠭᠤᠴᠠᠯᠭᠠᠲᠠᠨ ᠠᠳᠡᠯ ᠤᠨ ᠳᠠᠯᠳᠠ ᠬᠡᠮ ᠤᠨ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ ᠬᠠᠮᠢᠶ᠎ᠠ ᠪᠥᠬᠦᠶ ᠲᠣᠭᠲᠠᠭᠠᠯ ᠤᠨ ᠲᠤᠬᠠᠶ | ᠪᠣᠯᠪᠠᠰᠤᠷᠠᠯ ᠰᠤᠷᠤᠯᠴᠠᠯᠭ᠎ᠠ ᠬᠢᠵᠦ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠬᠠᠮᠢᠶ᠎ᠠ | ᠪᠥᠬᠦᠶ ᠲᠠᠰᠤᠭ ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠶᠤᠯ | ᠥᠬᠡᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠱᠠᠲᠤᠨ ᠤ ᠡᠯ᠎ᠡ ᠲᠥᠷᠥᠯ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠨᠢᠭᠡᠴᠡ ᠶᠢ ᠰᠢᠮᠳᠠᠭᠤᠯᠵᠤ ᠪᠠᠶᠢᠭᠠᠳ ᠠᠶᠤᠯ ᠥᠬᠡᠶ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ | ᠨᠠᠷᠢᠨ ᠬᠢᠨᠠᠮᠠᠭᠠᠶ ᠥᠷᠨᠢᠭᠦᠯᠵᠦ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ | ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠳᠡᠭᠡᠷ᠎ᠡ ᠪᠠᠰᠠ ︽ᠬᠥᠯᠥᠨ ᠪᠤᠶᠢᠷ ᠬᠤᠲᠠ ᠶᠢᠨ ︿ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠴᠤ ᠦᠶ᠋ᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ | ᠬᠡᠷᠡᠭᠲᠡᠶ﹀ ᠭᠡᠬᠦ ᠲᠣᠭᠲᠠᠭᠠᠯ ᠤᠳ︾ ᠢ ᠰᠤᠷᠤᠯᠴᠠᠨ ᠤᠯᠠᠮᠵᠢᠯᠠᠪᠠ᠃ | |