ᠣᠶᠢᠷ᠎ᠠ ᠳᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠮᠲᠤᠷᠠᠨ 2024 ᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠵᠦ ᠬᠠᠮᠲᠤᠷᠠᠨ | ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠤᠰᠢᠭᠤᠨ ᠤ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠠᠵᠢᠯᠲᠠᠳ ᠲᠣᠰ ᠤᠳᠠᠭᠠᠨ ᠤ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠣᠰ ᠲᠣᠰ 2023 ᠣᠨ ᠤ ᠬᠥᠮᠦᠨ ᠤ | ᠣᠷᠴᠢᠯᠠᠩ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠭᠰᠡᠨ ᠪᠠᠶᠢᠳᠠᠯ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ᠂ ᠬᠥᠮᠦᠨ ᠤ ᠶᠢᠷᠲᠢᠨᠴᠦ ᠪᠠ ᠮᠠᠯ ᠤᠨ ᠬᠤᠭᠤᠷᠣᠨᠳᠣᠬᠢ | ᠪᠷᠦ᠋ᠼᠧᠯ ᠡᠪᠡᠳᠴᠢᠨ ᠤ ᠳᠡᠯᠭᠡᠷᠡᠬᠦ ᠬᠠᠨᠳᠤᠰᠢ ᠶᠢ ᠵᠠᠳᠠᠯᠤᠭᠰᠠᠨ ᠦᠷ᠎ᠡ ᠳ᠋ᠦᠩ ᠪᠠ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠤᠯᠳᠠᠯᠭ᠎ᠠ ᠲᠠᠢ ᠠᠰᠠᠭᠤᠳᠠᠯ | ᠵᠡᠷᠭᠡ ᠳᠤ ᠳ᠋ᠦᠩᠨᠡᠯᠲᠡ ᠬᠢᠵᠦ ᠰᠠᠨᠠᠯ ᠢᠶᠠᠨ ᠰᠣᠯᠢᠯᠴᠠᠵᠤ᠂ ᠬᠤᠶᠠᠷ ᠰᠠᠯᠠᠭ᠎ᠠ ᠮᠥᠴᠢᠷ ᠬᠠᠮᠲᠤᠷᠠᠨ 2024 ᠣᠨ ᠤ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠭᠤᠯᠤᠯ᠂ ᠬᠢᠨᠠᠨ ᠵᠢᠯᠣᠭᠤᠳᠬᠤ ᠪᠠ ᠤᠬᠠᠭᠤᠯᠬᠤ ᠠᠵᠢᠯ ᠢ ᠬᠠᠮᠲᠤ ᠪᠠᠷ | ᠥᠷᠨᠢᠭᠦᠯᠬᠦ ᠲᠤᠬᠠᠶ ᠰᠠᠨᠠᠯ ᠨᠢᠭᠡᠲᠡᠶ ᠳᠤᠷᠠᠳᠪᠠ᠃ | ᠲᠣᠰ ᠤᠳᠠᠭᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠤᠷᠠᠯ ᠢ ᠬᠤᠷᠠᠯᠳᠤᠭᠤᠯᠤᠭᠰᠠᠨ ᠨᠢ ᠬᠤᠶᠠᠷ ᠰᠠᠯᠠᠭ᠎ᠠ ᠮᠥᠴᠢᠷ ᠤᠨ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠠᠬᠢᠭᠤᠯᠤᠨ ᠴᠢᠩᠭᠠᠳᠬᠠᠵᠤ᠂ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠨ᠂ | ᠪᠣᠳᠠᠲᠠᠶ ᠡᠭᠦᠷᠭᠡ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠬᠦ ᠳᠤ | ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |