ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ ᠲᠤᠰᠢᠶᠠᠬᠤ ᠭᠡᠷᠡᠴᠢ ᠮᠠᠲ᠋ᠧᠷᠢᠶᠠᠯ᠄ | ᠠᠷᠪᠠᠨ ᠨᠠᠢᠮᠠᠳᠤᠭᠠᠷ ᠵᠦᠢᠯ ᠠᠩᠬ᠎ᠠ ᠤᠳᠠᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠣᠴᠢᠯᠠᠬᠤ ᠳᠤ᠂ ᠭᠤᠶᠣᠴᠢᠯᠠᠯ ᠤᠨ ᠬᠥᠰᠥᠨᠥᠭᠲᠦ | ᠲᠠᠭᠯᠠᠬᠤ ᠪᠥᠭᠡᠳ ᠳᠣᠣᠷᠠᠬᠢ ᠭᠡᠷᠡᠴᠢ ᠶᠢ ᠲᠤᠰᠢᠶᠠᠬᠤ ᠬᠡᠷᠡᠭᠲᠡᠢ᠄ ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ︔ ︵ᠬᠤᠶᠠᠷ︶ ᠰᠢᠶᠠᠨ ᠤ ᠱᠠᠲᠤ ᠪᠣᠶᠤ | ᠴᠡᠷᠢᠭ ᠠᠩᠭᠢ ᠶᠢᠨ ᠬᠤᠷᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ | ᠭᠡᠷᠡᠴᠢ᠃ ᠵᠡᠮᠳᠡᠭᠴᠦᠳ ᠤᠨ ᠲᠤᠰᠬᠠᠢ ᠬᠡᠷᠡᠭᠯᠡᠬᠦ ᠵᠢᠵᠢᠭ ᠬᠡᠯᠪᠡᠷᠢ ᠶᠢᠨ ᠠᠦᠲ᠋ᠤ᠋ ᠠᠷᠠᠭ᠎ᠠ ᠲᠠᠢ ᠠᠶᠠᠨᠴᠢᠳ ᠠᠴᠢᠬᠤ ᠮᠠᠰᠢᠨ ᠳᠤ ᠬᠠᠷᠢᠶᠠᠯᠠᠭᠳᠠᠪᠠᠯ᠂ ᠮᠤᠵᠢ ᠶᠢᠨ | ᠱᠠᠲᠤᠨ ᠤ ᠡᠷᠡᠭᠦᠯ ᠬᠠᠮᠠᠭᠠᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠣᠭᠲᠠᠭᠠᠭᠰᠠᠨ ᠲᠤᠰᠬᠠᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ | ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠶᠢ ᠲᠤᠰᠢᠶᠠᠬᠤ ᠬᠡᠷᠡᠭᠲᠡᠢ᠃ ᠠᠷᠪᠠᠨ ᠶᠢᠰᠤᠳᠤᠭᠡᠷ ᠵᠦᠢᠯ ᠵᠢᠯᠤᠭᠤᠳᠬᠤ ᠶᠢ ᠵᠦᠪᠰᠢᠶᠡᠷᠡᠬᠦ ᠲᠡᠷᠭᠡᠨ ᠤ | ᠬᠡᠯᠪᠡᠷᠢ ᠨᠡᠮᠡᠬᠦ ᠶᠢ ᠭᠤᠶᠣᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠠᠴᠠ ᠭᠠᠳᠠᠨ᠎ᠠ᠂ ᠠᠷᠪᠠᠨ ᠨᠠᠢᠮᠠᠳᠤᠭᠠᠷ ᠵᠦᠢᠯ ᠳᠤ ᠲᠣᠭᠲᠠᠭᠠᠭᠰᠠᠨ ᠭᠡᠷᠡᠴᠢ ᠶᠢ | ᠲᠤᠰᠢᠶᠠᠬᠤ ᠠᠴᠠ ᠭᠠᠳᠠᠨ᠎ᠠ᠂ ᠠᠪᠴᠤ ᠪᠠᠶᠢᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠢᠶᠠᠨ ᠲᠤᠰᠢᠶᠠᠬᠤ ᠬᠡᠷᠡᠭᠲᠡᠢ᠃ | ᠬᠤᠷᠢᠳᠤᠭᠠᠷ ᠵᠦᠢᠯ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠮᠠᠰᠢᠨ ᠲᠡᠷᠭᠡ ᠵᠢᠯᠤᠭᠤᠳᠬᠤ ᠦᠨᠡᠮᠯᠡᠯ ᠲᠠᠢ ᠬᠥᠮᠦᠨ ᠮᠠᠰᠢᠨ | ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠶᠢᠨ ᠬᠠᠮᠲᠤ ᠳᠤᠤᠷᠠᠬᠢ ᠭᠡᠷᠡᠴᠢ᠂ ᠪᠠᠷᠢᠮᠲᠠ ᠶᠢ | ᠲᠤᠰᠢᠶᠠᠬᠤ ᠬᠡᠷᠡᠭᠲᠡᠢ᠄ ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠭᠡᠷᠡᠴᠢ᠂ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠰᠢᠯᠵᠢᠭᠰᠡᠳ᠂ ᠴᠡᠷᠢᠭ ᠠᠴᠠ | ᠪᠠᠭᠤᠭᠰᠠᠳ ᠲᠤ ᠬᠠᠷᠢᠶᠠᠯᠠᠭᠳᠠᠪᠠᠯ᠂ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠢᠨᠠᠨ ᠲᠠᠷᠬᠠᠭᠠᠭᠰᠠᠨ ᠴᠡᠷᠢᠭ ᠠᠴᠠ ᠬᠠᠯᠠᠭᠳᠠᠭᠰᠠᠨ᠂ | ᠴᠡᠷᠢᠭ ᠠᠴᠠ ᠰᠢᠯᠵᠢᠭᠰᠡᠨ᠂ ᠴᠡᠷᠢᠭ ᠠᠴᠠ ᠪᠠᠭᠤᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃ ︵ᠬᠤᠶᠠᠷ︶ ᠰᠢᠶᠠᠨ ᠤ ᠱᠠᠲᠤ ᠪᠣᠶᠤ ᠴᠡᠷᠢᠭ ᠠᠩᠭᠢ ᠶᠢᠨ | ᠬᠤᠷᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠪᠠᠶᠢᠬᠤ︔ ︵ | ᠭᠤᠷᠪᠡ︶ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠪᠠᠶᠢᠬᠤ᠃ | ᠬᠤᠷᠢᠨ ᠨᠢᠭᠡᠳᠦᠭᠡᠷ ᠵᠦᠢᠯ ᠬᠢᠯᠢ ᠶᠢᠨ ᠭᠠᠳᠠᠨᠠᠬᠢ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠪᠠᠶᠢᠬᠤ ᠬᠥᠮᠦᠨ ᠮᠠᠰᠢᠨ ᠲᠡᠷᠭᠡ ᠶᠢᠨ ᠵᠢᠯᠣᠭᠤᠴᠢ ᠶᠢᠨ | ᠦᠨᠡᠮᠯᠡᠯ ᠭᠤᠶᠤᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠶᠢᠨ ᠬᠠᠮᠲᠤ ᠳᠤᠤᠷᠠᠬᠢ ᠭᠡᠷᠡᠴᠢ᠂ ᠪᠠᠷᠢᠮᠲᠠ ᠶᠢ ᠲᠤᠰᠢᠶᠠᠬᠤ ᠬᠡᠷᠡᠭᠲᠡᠢ᠄ ︵ᠨᠢᠭᠡ︶ | ᠭᠤᠶᠤᠴᠢᠯᠠᠭᠴᠢ ᠶᠢᠨ ᠪᠡᠶ᠎ᠡ ᠶᠢᠨ ᠭᠡᠷᠡᠴᠢ ᠪᠠᠶᠢᠬᠤ︔ ︵ᠬᠤᠶᠠᠷ︶ ᠰᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ | ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠪᠠᠶᠢᠬᠤ᠃ ᠭᠠᠳᠠᠭᠠᠳᠤ ᠤᠯᠤᠰ ᠤᠨ ᠳᠤᠮᠳᠠᠲᠤ ᠳᠤ ᠰᠠᠭᠤᠭ᠎ᠠ ᠡᠯᠴᠢᠨ ᠰᠠᠶᠢᠳ ᠤᠨ ᠭᠠᠵᠠᠷ᠂ | ᠺᠤᠨᠰᠦ᠋ᠯ ᠤᠨ ᠭᠠᠵᠠᠷ ᠤᠨ ᠠᠵᠢᠯᠲᠠᠨ ᠪᠣᠯᠣᠨ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠲᠤ ᠳᠤ ᠰᠠᠭᠤᠭ᠎ᠠ ᠲᠥᠯᠦᠭᠡᠯᠡᠬᠦ ᠪᠠᠶᠢᠭᠤᠯᠤᠮᠵᠢ ᠶᠢᠨ | ᠠᠵᠢᠯᠲᠠᠨ ᠭᠤᠶᠤᠴᠢᠯᠠᠭᠰᠠᠨ ᠳᠤ ᠬᠠᠷᠢᠶᠠᠯᠠᠭᠳᠠᠪᠠᠯ᠂ ᠭᠠᠳᠠᠭᠠᠳᠤ ᠬᠠᠷᠢᠯᠴᠠᠭᠠᠨ ᠤ ᠡᠷᠬᠡ ᠲᠡᠭᠰᠢ ᠵᠠᠷᠴᠢᠮ ᠶᠣᠰᠤᠭᠠᠷ ᠭᠦᠢᠴᠡᠳᠬᠡᠨ᠎ᠡ︔ ︵ᠭᠤᠷᠪᠡ︶ ᠭᠠᠷᠳᠠᠵᠤ | ᠪᠠᠶᠢᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ᠃ ᠬᠢᠲᠠᠳ ᠪᠢᠴᠢᠭ ᠤᠨ ᠪᠣᠰᠤ ᠲᠣᠭᠠᠴᠢᠭᠰᠠᠨ ᠳᠤ ᠬᠠᠷᠢᠶᠠᠯᠠᠭᠳᠠᠪᠠᠯ᠂ ᠬᠢᠲᠠᠳ ᠪᠢᠴᠢᠭ ᠤᠨ | ᠣᠷᠴᠢᠭᠤᠯᠭ᠎ᠠ ᠶᠢᠨ ᠪᠢᠴᠢᠭ ᠮᠠᠲ᠋ᠧᠷᠢᠶᠠᠯ ᠭᠠᠷᠭᠠᠬᠤ ᠬᠡᠷᠡᠭᠲᠡᠢ᠃ |