ᠪᠠᠶᠢᠭᠤᠯᠭ᠎ᠠ ᠶᠢᠨ ᠡᠮᠬᠢ ᠲᠢᠭᠯᠢᠮ᠂ ᠤᠯᠠᠨ ᠨᠡᠶᠢᠳᠡ ᠶᠢᠨ ᠲᠠᠯᠠᠪᠤᠷ ᠤᠨ ᠡᠮᠬᠢ ᠲᠢᠭᠯᠢᠮ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠶᠢᠨ ᠡᠮᠬᠢ | ᠲᠢᠭᠯᠢᠮ᠂ ᠵᠠᠮ ᠬᠠᠷᠢᠯᠴᠠᠭᠠᠨ ᠤ ᠨᠡᠪᠳᠡᠷᠡᠯᠴᠡᠬᠡᠨ ᠤ ᠡᠮᠬᠢ ᠲᠢᠭᠯᠢᠮ ᠢ ᠪᠤᠶᠤ ᠰᠤᠩᠭᠤᠭᠤᠯᠢ ᠶᠢᠨ ᠡᠮᠬᠢ ᠲᠢᠭᠯᠢᠮ ᠢ ᠡᠪᠳᠡᠭᠰᠡᠨ ᠠᠵᠢᠯᠯᠠᠭ᠎ᠠ ᠶᠢ ᠶᠠᠭᠠᠬᠢᠵᠤ ᠰᠢᠳᠬᠡᠬᠦ | ᠪᠤᠢ︖ | ︽ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠬᠡᠬᠦ ᠬᠠᠤᠯᠢ︾ ᠶᠢᠨ 23 ᠳ᠋ᠤᠭᠠᠷ ᠵᠤᠷᠪᠤᠰ ᠤᠨ ᠲᠤᠭᠳᠠᠭᠠᠯ ᠢᠶᠠᠷ᠂ ᠲᠤᠤᠷ᠎ᠠ ᠵᠢᠭᠰᠠᠭᠠᠭᠰᠠᠨ ᠪᠠᠶᠢᠳᠠᠯ ᠤᠨ | ᠨᠢᠬᠡ ᠨᠢ ᠪᠠᠶᠢᠪᠠᠯ ᠰᠡᠷᠡᠮᠵᠢᠯᠡᠬᠦᠯᠬᠦ ᠪᠤᠶᠤ 200 ᠲᠦᠬᠦᠷᠢᠭ ᠠᠴᠠ ᠲᠤᠷᠤᠭᠰᠢᠬᠢ ᠵᠤᠭᠤᠰ ᠢᠶᠠᠷ ᠲᠤᠷᠭᠠᠨ᠎ᠠ︔ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ 5 | ᠡᠳᠦᠷ ᠠᠴᠠ ᠲᠡᠬᠡᠭᠰᠢ 10 ᠡᠳᠦᠷ ᠠᠴᠠ ᠲᠤᠷᠤᠭᠰᠢ ᠲᠦᠷ ᠬᠤᠷᠢᠬᠤ ᠶᠢᠨ ᠬᠠᠮᠳᠤ 500 ᠲᠦᠬᠦᠷᠢᠭ ᠠᠴᠠ ᠲᠤᠷᠤᠭᠰᠢ ᠲᠤᠷᠭᠠᠵᠤ ᠪᠤᠯᠤᠨ᠎ᠠ᠄ | ︵1︶ ᠪᠠᠶᠢᠭᠤᠯᠭ᠎ᠠ᠂ ᠪᠦᠯᠬᠦᠮ ᠨᠢᠬᠡᠴᠡ᠂ ᠠᠵᠤ ᠠᠬᠤᠢᠢᠯᠠᠯ᠂ ᠠᠵᠢᠯ ᠦᠢᠯᠡᠰ ᠤᠨ ᠨᠢᠬᠡᠴᠡ ᠶᠢᠨ ᠡᠮᠬᠢ ᠲᠢᠭᠯᠢᠮ ᠢ ᠰᠠᠮᠠᠭᠤᠷᠠᠭᠤᠯᠵᠤ᠂ ᠠᠵᠢᠯ | ᠦᠢᠯᠡᠳᠪᠦᠷᠢᠯᠡᠯ᠂ ᠡᠵᠡᠩᠨᠡᠯᠳᠡ᠂ ᠡᠮᠴᠢᠯᠡᠭᠡ᠂ ᠵᠢᠭᠠᠨ ᠰᠤᠷᠭᠠᠯᠳᠠ᠂ ᠰᠢᠨᠵᠢᠯᠡᠭᠡ ᠰᠤᠳᠤᠯᠤᠯ ᠢ ᠬᠡᠪ ᠤᠨ ᠶᠤᠰᠤᠭᠠᠷ ᠶᠠᠪᠤᠭᠳᠠᠵᠤ ᠴᠢᠳᠠᠬᠤ ᠦᠬᠡᠢ ᠪᠤᠯᠭᠠᠭᠰᠠᠨ | ᠪᠤᠯᠪᠠᠴᠤ ᠬᠦᠨᠳᠦ ᠨᠤᠴᠢᠳᠠᠢ ᠬᠤᠬᠢᠷᠠᠯ ᠤᠴᠠᠷᠠᠭᠤᠯᠤᠭᠰᠠᠨ ᠦᠬᠡᠢ︔ ︵2︶ ᠲᠡᠷᠭᠡᠨ ᠦᠷᠳᠡᠭᠡ᠂ ᠭᠠᠷᠠᠮ᠂ ᠤᠡᠭᠭᠤᠴᠠᠨ ᠪᠠᠭᠤᠳᠠᠯ᠂ ᠨᠢᠰᠬᠡᠯ ᠤᠨ ᠪᠠᠭᠤᠳᠠᠯ᠂ | ᠲᠡᠯᠬᠡᠬᠦᠷ ᠬᠤᠳᠠᠯᠳᠤᠭ᠎ᠠ᠂ ᠴᠡᠴᠡᠷᠯᠢᠭ᠂ ᠦᠵᠡᠰᠬᠦᠯᠡᠩ ᠤᠨ ᠤᠷᠳᠤᠨ ᠪᠤᠶᠤ ᠪᠤᠰᠤᠳ ᠤᠯᠠᠨ ᠨᠡᠶᠢᠳᠡ ᠶᠢᠨ ᠲᠠᠯᠠᠪᠤᠷ ᠤᠨ ᠡᠮᠬᠢ ᠲᠢᠭᠯᠢᠮ ᠢ ᠰᠠᠮᠠᠭᠤᠷᠠᠭᠤᠯᠤᠭᠰᠠᠨ︔ | ︵3︶ ᠨᠡᠶᠢᠳᠡ ᠶᠢᠨ ᠮᠠᠰᠢᠨ ᠲᠡᠷᠬᠡ᠂ ᠴᠠᠬᠢᠯᠭᠠᠨ ᠲᠡᠷᠬᠡ᠂ ᠭᠠᠯᠳᠤ ᠲᠡᠷᠬᠡ᠂ ᠤᠡᠭᠭᠤᠴᠠ ᠰᠡᠯ᠂ ᠨᠢᠰᠬᠡᠯ ᠪᠤᠶᠤ ᠤᠯᠠᠨ ᠨᠡᠶᠢᠳᠡ ᠶᠢᠨ ᠵᠠᠮ ᠬᠠᠷᠢᠯᠴᠠᠭᠠᠨ ᠤ | ᠪᠠᠭᠠᠵᠢ ᠲᠡᠬᠡᠷᠡᠬᠢ ᠡᠮᠬᠢ ᠲᠢᠭᠯᠢᠮ ᠢ ᠡᠪᠳᠡᠭᠰᠡᠨ︔ ︵4︶ ᠮᠠᠰᠢᠨ ᠲᠡᠷᠬᠡ᠂ ᠤᠡᠭᠭᠤᠴᠠ ᠰᠡᠯ᠂ ᠨᠢᠰᠬᠡᠯ ᠵᠢᠴᠢ ᠪᠤᠰᠤᠳ ᠵᠠᠮ ᠬᠠᠷᠢᠯᠴᠠᠭᠠᠨ ᠤ ᠪᠠᠭᠠᠵᠢ ᠶᠢ | ᠬᠠᠤᠯᠢ ᠪᠤᠰᠤ ᠪᠠᠷ ᠬᠤᠷᠢᠭᠯᠠᠨ ᠵᠤᠭᠰᠤᠭᠠᠬᠤ ᠪᠤᠶᠤ ᠬᠦᠴᠦᠷᠬᠡᠨ ᠭᠠᠷᠴᠤ᠂ ᠬᠦᠴᠦᠷᠬᠡᠨ ᠰᠠᠭᠤᠵᠤ ᠬᠡᠪ ᠤᠨ ᠠᠶᠠᠯᠠᠯ ᠢ ᠨᠢ ᠨᠦᠯᠦᠬᠡᠯᠡᠭᠰᠡᠨ︔ ︵5︶ ᠬᠠᠤᠯᠢ | ᠶᠤᠰᠤᠭᠠᠷ ᠶᠠᠪᠤᠭᠤᠯᠵᠤ ᠪᠦᠬᠦᠢ ᠰᠤᠩᠭᠤᠭᠤᠯᠢ ᠶᠢᠨ ᠡᠮᠬᠢ ᠲᠢᠭᠯᠢᠮ ᠢ ᠡᠪᠳᠡᠭᠰᠡᠨ᠃ ᠤᠯᠠᠨ ᠢ ᠴᠤᠭᠯᠠᠭᠤᠯᠤᠨ ᠲᠡᠬᠡᠷ᠎ᠡ ᠦᠬᠦᠯᠡᠭᠰᠡᠨ ᠠᠵᠢᠯᠯᠠᠭ᠎ᠠ ᠬᠢᠭᠰᠡᠨ ᠪᠠᠶᠢᠪᠠᠯ | ᠲᠦᠷᠦᠬᠦᠦ ᠶᠢ ᠨᠢ 10 ᠡᠳᠦᠷ ᠠᠴᠠ ᠲᠡᠬᠡᠭᠰᠢ 15 ᠡᠳᠦᠷ ᠠᠴᠠ ᠲᠤᠷᠤᠭᠰᠢ ᠲᠦᠷ ᠬᠤᠷᠢᠬᠤ ᠶᠢᠨ ᠬᠠᠮᠳᠦ 1000 ᠲᠦᠬᠦᠷᠢᠭ ᠠᠴᠠ ᠲᠤᠷᠤᠭᠰᠢ ᠵᠤᠭᠤᠰ ᠢᠶᠠᠷ | ᠲᠤᠷᠭᠠᠨ᠎ᠠ᠃ |