ᠨᠢᠭᠡ᠂ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠶᠢ ᠬᠦᠢᠴᠡᠳᠭᠡᠬᠦ ᠭᠤᠶᠤᠴᠢᠯᠠᠭᠴᠢ᠂ ᠲᠤᠰ ᠬᠦᠮᠥᠨ ᠤ ᠠᠪᠴᠦ ᠪᠠᠶᠢᠭ᠎ᠠ ᠮᠠᠰᠢᠨᠲᠦ | ᠲᠡᠷᠭᠡᠨ ᠤ ᠵᠢᠯᠤᠭᠤᠴᠢ ᠶᠢᠨ ᠦᠨᠡᠮᠯᠡᠯ ᠬᠢᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠲᠤᠰᠢᠶᠠᠵᠤ ︵ᠮᠠᠰᠢᠨᠲᠦ ᠲᠡᠷᠭᠡᠨ ᠤ ᠵᠢᠯᠤᠭᠤᠴᠢ ᠶᠢᠨ | ᠭᠤᠶᠤᠴᠢᠯᠠᠯ ᠤᠨ ᠬᠦᠰᠦᠨᠦᠭᠲᠦ︶᠂ ︵ᠮᠠᠰᠢᠨᠲᠦ ᠲᠡᠷᠭᠡᠨ ᠤ ᠵᠢᠯᠤᠭᠤᠴᠢ ᠶᠢᠨ ᠪᠡᠶ᠎ᠡ ᠮᠠᠬᠠᠪᠤᠳ ᠤᠨ ᠨᠦᠬᠦᠴᠡᠯ ᠤᠨ ᠬᠡᠷᠡᠴᠢ︶᠂ ᠵᠢᠯᠤᠭᠤᠳᠴᠦ ᠪᠣᠯᠬᠤ ᠲᠡᠷᠭᠡᠨ ᠤ | ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠬᠢᠨᠠᠨ ᠤᠯᠭᠤᠭᠰᠠᠨ ᠭᠠᠵᠠᠷ ᠤᠨ ᠲᠡᠷᠭᠡ ᠬᠦᠰᠭᠡ ᠶᠢᠨ | ᠬᠠᠮᠢᠶᠠᠷᠤᠯᠲᠠ ᠶᠢᠨ ᠲᠤᠪᠴᠢᠶ᠎ᠠ ᠳᠤ ᠳᠤᠷᠠᠳᠬᠤ ᠬᠡᠷᠡᠭᠲᠡᠢ᠃ | ᠬᠤᠶᠠᠷ᠂ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠭᠤᠶᠤᠴᠢᠯᠠᠬᠤ ᠠᠴᠠ ᠡᠮᠦᠨᠡᠬᠢ ᠤᠶᠢᠷ᠎ᠠ ᠶᠢᠨ ᠨᠢᠭᠡ ᠬᠤᠪᠢ | ᠲᠡᠮᠳᠡᠭᠯᠡᠬᠦ ᠦᠶᠡᠯᠡᠬᠦ ᠬᠤᠭᠤᠴᠠᠭᠠᠨ ᠳᠤ ᠪᠦᠲᠦᠨ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ ᠬᠡᠷᠡᠭᠲᠠᠢ᠃ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ᠂ | ᠴᠢᠷᠭᠡᠤᠯ ᠲᠡᠷᠬᠡ᠂ ᠠᠶᠠᠨᠴᠢᠳ ᠤᠨ ᠲᠤᠮᠤ ᠬᠡᠯᠪᠡᠷᠢ ᠶᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠪᠠᠰᠠ | ᠳᠤᠤᠷ᠎ᠠ ᠵᠢᠭᠰᠠᠭᠠᠭᠰᠠᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠠᠢ᠄ | ︵ᠨᠢᠭᠡ︶ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠳᠤ ᠭᠤᠶᠤᠴᠢᠯᠠᠪᠠᠯ᠂ | ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ᠂ ᠳᠤᠤᠷ᠎ᠠ ᠬᠤᠷᠳᠤᠴᠠᠲᠦ ᠠᠴᠢᠶᠠᠨ ᠤ ᠮᠠᠰᠢᠨ ᠲᠡᠷᠭᠡ ᠪᠤᠶᠤ | ᠭᠤᠷᠪᠠᠨ ᠬᠦᠷᠲᠦᠲᠦ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠬᠢᠷᠢ ᠬᠡᠮ ᠢ ᠣᠯᠣᠭᠠᠳ ᠭᠤᠷᠪᠠᠨ ᠵᠢᠯ ᠠᠴᠠ ᠳᠡᠭᠡᠭᠰᠢ ᠪᠣᠯᠣᠭᠰᠠᠨ | ᠪᠠᠶᠢᠬᠤ ᠶᠢᠨ ᠬᠠᠮᠲᠦ ᠭᠤᠶᠤᠴᠢᠯᠠᠬᠤ ᠠᠴᠠ ᠡᠮᠦᠨᠡᠬᠢ ᠤᠶᠢᠷ᠎ᠠ ᠶᠢᠨ ᠬᠤᠪᠢ ᠲᠡᠮᠳᠡᠭᠯᠡᠬᠦ ᠵᠠᠯᠭᠠᠭ᠎ᠠ ᠬᠤᠶᠠᠷ ᠬᠤᠭᠤᠴᠠᠭᠠᠨ ᠳᠤ ᠳᠦᠭᠦᠷᠡᠩ ᠬᠤᠪᠢ | ᠲᠡᠮᠳᠡᠭᠯᠡᠭᠦᠯᠥᠭᠰᠡᠨ ᠦᠭᠡᠢ ᠪᠠᠶᠢᠬᠤ᠂ ᠡᠰᠡᠭᠦᠯ᠎ᠡ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ᠂ ᠳᠤᠮᠤ ᠬᠡᠯᠪᠡᠷᠢ ᠶᠢᠨ ᠪᠠᠷᠠᠭᠠᠨ ᠤ ᠲᠡᠷᠭᠡ ᠶᠢᠨ ᠵᠢᠯᠤᠭᠤᠳᠴᠦ | ᠪᠣᠯᠬᠤ ᠲᠡᠷᠭᠡᠨ ᠤ ᠬᠡᠯᠪᠡᠷᠢ ᠶᠢᠨ ᠬᠢᠷᠢ ᠬᠡᠮ ᠢ ᠣᠯᠤᠭᠠᠳ ᠨᠢᠭᠡ ᠵᠢᠯ ᠠᠴᠠ ᠳᠡᠭᠡᠭᠰᠢ ᠪᠣᠯᠤᠭᠰᠠᠨ ᠮᠦᠷᠲᠡᠭᠡᠨ ᠭᠤᠶᠤᠴᠢᠯᠠᠬᠤ ᠠᠴᠠ ᠡᠮᠦᠨᠡᠬᠢ ᠤᠶᠢᠷ᠎ᠠ ᠶᠢᠨ ᠨᠢᠭᠡ | ᠬᠤᠪᠢ ᠲᠡᠮᠳᠡᠭᠯᠡᠬᠦ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠃ | ︵ᠬᠤᠶᠠᠷ︶ ᠴᠢᠷᠭᠡᠤᠯ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠠᠶᠠᠨᠴᠢᠳ ᠤᠨ ᠳᠤᠮᠳᠠ ᠬᠡᠯᠪᠡᠷᠢ ᠶᠢᠨ | ᠮᠠᠰᠢᠨ ᠲᠡᠷᠭᠡ ᠪᠤᠶᠤ ᠲᠤᠮᠤ ᠬᠡᠯᠪᠡᠷᠢ ᠶᠢᠨ ᠪᠠᠷᠠᠭᠠᠨ ᠤ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠬᠢᠷᠢ ᠬᠡᠮ ᠢ ᠣᠯᠤᠭᠠᠳ ᠭᠤᠷᠪᠠᠨ | ᠵᠢᠯ ᠠᠴᠠ ᠳᠡᠭᠡᠭᠰᠢ ᠪᠣᠯᠤᠭᠰᠠᠨ ᠪᠠᠶᠢᠬᠤ ᠶᠢᠨ ᠬᠠᠮᠲᠦ ᠭᠤᠶᠤᠴᠢᠯᠠᠬᠤ ᠠᠴᠠ ᠡᠮᠥᠨᠡᠬᠢ ᠤᠶᠢᠷ᠎ᠠ ᠶᠢᠨ ᠬᠤᠪᠢ ᠲᠡᠮᠳᠡᠭᠯᠡᠬᠦ ᠵᠠᠯᠭᠠᠭ᠎ᠠ ᠬᠤᠶᠠᠷ ᠦᠶᠡᠯᠡᠬᠦ | ᠬᠤᠭᠤᠴᠠᠭᠠᠨ ᠳᠤ ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠂ ᠡᠰᠡᠭᠦᠯ᠎ᠡ ᠠᠶᠠᠨᠴᠢᠳ ᠤᠨ ᠲᠤᠮᠤ ᠬᠡᠯᠪᠡᠷᠢ ᠶᠢᠨ ᠮᠠᠰᠢᠨ ᠲᠡᠷᠭᠡ ᠵᠢᠯᠤᠭᠤᠳᠬᠤ ᠬᠢᠷᠢ | ᠬᠡᠮ ᠢ ᠣᠯᠤᠭᠠᠳ ᠨᠢᠭᠡ ᠵᠢᠯ ᠠᠴᠠ ᠳᠡᠭᠡᠭᠰᠢ ᠪᠣᠯᠤᠭᠰᠠᠨ ᠮᠦᠷᠲᠡᠭᠡᠨ ᠭᠤᠶᠤᠴᠢᠯᠠᠬᠤ ᠠᠴᠠ ᠡᠮᠦᠨᠡᠬᠢ ᠡᠴᠥᠰ ᠤᠨ ᠨᠢᠭᠡ ᠬᠤᠪᠢ ᠲᠡᠮᠳᠡᠭᠯᠡᠬᠦ ᠦᠶᠡᠯᠡᠬᠦ | ᠬᠤᠭᠤᠴᠠᠭᠠᠨ ᠳᠤ ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠃ | ︵ᠭᠤᠷᠪᠠ︶ ᠠᠶᠠᠨᠴᠢᠳ ᠤᠨ ᠲᠤᠮᠤ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ | ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ ᠪᠤᠶᠤ ᠳᠤᠮᠤ ᠬᠡᠯᠪᠡᠷᠢ ᠶᠢᠨ ᠪᠠᠷᠠᠭᠠᠨ ᠤ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ | ᠬᠢᠷᠢ ᠬᠡᠮ ᠢ ᠣᠯᠤᠭᠠᠳ ᠲᠠᠪᠤᠨ ᠵᠢᠯ ᠠᠴᠠ ᠳᠡᠭᠡᠭᠰᠢ ᠪᠣᠯᠤᠭᠰᠠᠨ ᠪᠠᠶᠢᠬᠤ ᠶᠢᠨ ᠬᠠᠮᠲᠦ ᠭᠤᠶᠤᠴᠢᠯᠠᠬᠤ ᠠᠴᠠ ᠡᠮᠢᠨᠡᠬᠢ ᠤᠶᠢᠷ᠎ᠠ ᠶᠢᠨ ᠬᠤᠪᠢ ᠲᠡᠮᠳᠡᠭᠯᠡᠬᠦ ᠵᠠᠯᠭᠠᠭ᠎ᠠ | ᠭᠤᠷᠪᠠᠨ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠂ ᠡᠰᠡᠭᠦᠯ᠎ᠡ ᠴᠢᠷᠭᠡᠤᠯ ᠲᠡᠷᠭᠡ ᠶᠢᠨ ᠵᠢᠯᠤᠭᠤᠳᠴᠦ ᠪᠣᠯᠬᠤ | ᠲᠡᠷᠭᠡᠨ ᠤ ᠬᠡᠯᠪᠡᠷᠢ ᠶᠢᠨ ᠬᠢᠷᠢ ᠬᠡᠮ ᠢ ᠣᠯᠤᠭᠠᠳ ᠬᠤᠶᠠᠷ ᠵᠢᠯ ᠠᠴᠠ ᠳᠡᠭᠡᠭᠰᠢ ᠪᠣᠯᠤᠭᠰᠠᠨ ᠮᠦᠷᠲᠡᠭᠡᠨ ᠭᠤᠶᠤᠴᠢᠯᠠᠬᠤ ᠠᠴᠠ ᠡᠮᠦᠨᠡᠬᠢ ᠤᠶᠢᠷ᠎ᠠ ᠶᠢᠨ ᠬᠤᠪᠢ | ᠲᠡᠮᠳᠡᠭᠯᠡᠬᠦ ᠨᠢᠭᠡ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠃ ᠲᠦᠷ ᠰᠠᠭᠤᠭ᠎ᠠ ᠭᠠᠵᠠᠷ ᠲᠠᠭᠠᠨ ᠭᠤᠶᠤᠴᠢᠯᠠᠭᠠᠳ | ᠨᠡᠮᠡᠭᠳᠡᠭᠦᠯᠵᠦ ᠪᠣᠯᠬᠤ ᠲᠡᠷᠭᠡᠨ ᠤ ᠬᠡᠯᠪᠡᠷᠢ ᠪᠣᠯ ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ ᠲᠡᠭᠡ᠂ ᠳᠤᠤᠷ᠎ᠠ | ᠬᠤᠷᠳᠤᠴᠠᠲᠦ ᠠᠴᠢᠶᠠᠨ ᠤ ᠮᠠᠰᠢᠨ ᠲᠡᠷᠭᠡ᠂ ᠭᠤᠷᠪᠠᠨ ᠬᠦᠷᠲᠦᠲᠦ ᠮᠠᠰᠢᠨ ᠲᠡᠷᠭᠡ ᠪᠤᠯᠤᠨ᠎ᠠ᠃ | ᠭᠤᠷᠪᠠ᠂ ᠠᠶᠠᠨᠴᠢᠳ ᠤᠨ ᠲᠤᠮᠤ ᠬᠡᠯᠪᠡᠷᠢ ᠶᠢᠨ ᠮᠠᠰᠢᠨ ᠲᠡᠷᠭᠡ᠂ ᠴᠢᠷᠭᠡᠤᠯ ᠲᠡᠷᠭᠡ᠂ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ ᠶᠢᠨ | ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠬᠦᠮᠦᠰ ᠢ ᠦᠭᠦᠭᠦᠯᠦᠭᠰᠡᠨ ᠵᠠᠮ ᠬᠠᠷᠢᠯᠴᠠᠭᠠᠨ ᠤ ᠠᠳᠡᠯ ᠳᠤ ᠪᠦᠬᠦ | ᠬᠠᠷᠢᠭᠤᠴᠠᠯᠭ᠎ᠠ ᠪᠤᠶᠤ ᠭᠤᠣᠯ ᠪᠣᠯᠬᠤ ᠬᠠᠷᠢᠭᠤᠴᠠᠯᠭ᠎ᠠ ᠡᠭᠦᠷᠭᠡᠯᠡᠭᠰᠡᠨ ᠲᠡᠮᠳᠡᠭᠯᠡᠯ ᠲᠠᠢ ᠪᠠᠶᠢᠵᠤ ᠪᠤᠯᠬᠤ ᠦᠭᠡᠢ᠃ ᠳᠦᠷᠪᠡ᠂ ᠭᠤᠶᠤᠴᠢᠯᠠᠭᠴᠢ ᠲᠤᠬᠠᠢ ᠶᠢᠨ | ᠭᠠᠵᠠᠷ ᠤᠨ ᠲᠡᠷᠭᠡ ᠬᠦᠰᠭᠡ ᠶᠢᠨ ᠬᠠᠮᠢᠶᠠᠷᠤᠯᠲᠠ ᠶᠢᠨ ᠲᠤᠪᠴᠢᠶ᠎ᠠ ᠳᠤ ᠬᠤᠷᠠᠮᠳᠤᠭᠰᠠᠨ ᠬᠤᠪᠢ ᠶᠢᠨ ᠪᠠᠶᠢᠳᠠᠯ ᠢᠶᠠᠨ ᠪᠠᠶᠢᠴᠠᠭᠠᠨ ᠠᠰᠠᠭᠤᠵᠦ᠂ ᠨᠦᠬᠦᠴᠡᠯ ᠳᠤ | ᠨᠡᠶᠢᠴᠡᠵᠦ ᠪᠠᠶᠢᠪᠠᠯ᠂ ᠠᠩᠬ᠎ᠠ ᠰᠤᠷᠬᠤ ᠲᠡᠰ ᠳᠠᠷᠠᠭᠠᠯᠠᠯ ᠳᠤ ᠲᠤᠭᠲᠠᠭᠠᠭᠰᠠᠨ ᠴᠤᠪᠤᠷᠠᠯ ᠪᠠ ᠪᠤᠳᠠᠲᠠᠢ ᠵᠦᠢᠯᠡᠰ ᠤᠨ ᠶᠤᠰᠤᠭᠠᠷ ᠵᠢᠯᠤᠭᠤᠳᠴᠦ ᠪᠣᠯᠬᠤ ᠲᠡᠷᠭᠡᠨ ᠤ | ᠬᠡᠯᠪᠡᠷᠢ ᠶᠢ ᠨᠡᠮᠡᠭᠳᠡᠭᠦᠯᠬᠦ ᠲᠤᠬᠠᠶᠢᠯᠠᠭᠰᠠᠨ ᠠᠵᠢᠯ ᠢ ᠬᠦᠢᠴᠡᠳᠭᠡᠬᠦ ᠬᠡᠷᠡᠭᠲᠡᠢ᠂ ᠨᠦᠬᠦᠴᠡᠯ ᠳᠤ ᠨᠡᠶᠢᠴᠡᠬᠦ ᠦᠭᠡᠢ ᠳᠤᠨᠢ᠂ ᠭᠦᠢᠴᠡᠳᠭᠡᠬᠦ ᠠᠴᠠ ᠪᠤᠴᠠᠭᠠᠭᠰᠠᠨ ᠬᠡᠷᠡᠴᠢ | ᠬᠢᠵᠦ ᠦᠭᠭᠦᠨ᠎ᠡ᠃ ᠲᠠᠪᠤ᠂ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠭᠤᠶᠤᠴᠢᠯᠠᠭᠴᠢ ᠰᠢᠯᠭᠠᠯᠲᠠ ᠶᠢᠨ ᠵᠦᠢᠯ ᠤᠨ ᠨᠢᠭᠡ | ᠂ ᠬᠤᠶᠠᠷ ᠪᠠ ᠭᠤᠷᠪᠠ ᠳᠤ ᠬᠢᠷᠢ ᠲᠡᠩᠴᠡᠭᠰᠡᠨ ᠤ ᠳᠠᠷᠠᠭ᠎ᠠ᠂ ᠲᠡᠷᠭᠡ ᠬᠦᠰᠭᠡ ᠶᠢᠨ ᠬᠠᠮᠢᠶᠠᠷᠤᠯᠲᠠ ᠶᠢᠨ ᠲᠤᠪᠴᠢᠶ᠎ᠠ ᠠᠴᠠ ᠮᠠᠰᠢᠨᠲᠦ ᠲᠡᠷᠬᠡᠨ ᠤ ᠵᠢᠯᠤᠭᠤᠴᠢ ᠶᠢᠨ | ᠦᠨᠡᠮᠯᠡᠯ ᠬᠢᠨᠠᠨ ᠤᠯᠭᠤᠨ᠎ᠠ᠃ |