ᠤᠢᠢᠷ᠎ᠠ ᠳᠤ᠂ ᠡᠷᠦᠭᠡ ᠠᠮᠠ ᠶᠢᠨ ᠳᠠᠩᠰᠠ ᠶᠢᠨ ᠦᠭᠡᠷᠡᠴᠢᠯᠡᠯᠳᠡ ᠶᠢᠨ ᠡᠷᠴᠢᠮᠳᠠᠢ ᠶᠠᠪᠤᠬᠳᠠᠬᠤ ᠶᠢ ᠳᠠᠭᠠᠯᠳᠤᠨ ᠲᠠᠷᠢᠶᠠᠯᠠᠩ ᠤᠨ ᠡᠷᠦᠭᠡ ᠠᠮᠠ ᠶᠢᠨ ᠳᠠᠩᠰᠠ ᠶᠢ | ᠦᠬᠡᠶᠢᠰᠬᠡᠬᠦ ᠲᠤᠬᠠᠢ ᠤᠢᠢᠯᠠᠭᠠᠵᠤ ᠮᠡᠳᠡᠭᠦ ᠪᠠᠷ ᠠᠰᠠᠭᠤᠵᠤ ᠯᠠᠪᠯᠠᠳᠠᠭ ᠳᠠᠷᠢᠶᠠᠴᠢᠳ ᠴᠤ ᠤᠯᠠᠰᠢᠷᠡᠪᠡ᠃ ᠲᠡᠭᠡᠪᠡᠯ᠂ ᠳᠠᠷᠢᠶᠠᠯᠠᠩ ᠤᠨ ᠡᠷᠦᠭᠡ ᠠᠮᠠ ᠶᠠᠮᠠᠷᠰᠢᠤ | ᠰᠠᠶᠢᠨ ᠳᠠᠯ᠎ᠠ ᠲᠠᠢ ᠪᠤᠢ︖ ᠶᠠᠭᠠᠬᠢᠭᠠᠳ ᠦᠬᠡᠶᠢᠰᠬᠡᠬᠦ ᠭᠡᠵᠦ ᠪᠠᠶᠢᠬᠤ ᠪᠤᠢ︖ ᠡᠬᠦᠨ ᠢ ᠳᠤᠷᠠᠳᠬᠤ ᠳᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ | ᠳᠤᠳᠤᠯᠠᠬᠤ ᠶᠢ ᠳᠤᠷᠠᠳᠬᠤ ᠦᠭᠡᠢ ᠪᠠᠶᠢᠬᠤ ᠶᠢᠨ ᠠᠷᠭ᠎ᠠ ᠦᠭᠡᠢ᠂ ᠤᠴᠢᠷ ᠨᠢ ᠶᠠᠬ ᠡᠨᠡᠬᠦ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠬᠤ ᠠᠬᠢᠴᠠ ᠨᠢ | ᠬᠦᠳᠡᠭᠡ ᠳᠤᠰᠬᠤᠨ ᠤ ᠭᠠᠵᠠᠷ ᠰᠢᠷᠤᠢ ᠶᠢᠨ ᠦᠨ᠎ᠡ ᠦᠷᠲᠡᠭ ᠢ ᠶᠡᠭᠡᠪᠡᠷ ᠲᠡᠭᠡᠭᠰᠢᠯᠡᠬᠦᠯᠵᠦ᠂ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠴᠤ ᠭᠠᠵᠠᠷ ᠰᠢᠷᠤᠢ ᠶᠢ | ᠳᠠᠭᠠᠯᠳᠤᠨ ᠦᠨ᠎ᠡ ᠬᠦᠷᠬᠦ ᠨᠢ ᠵᠠᠶᠢᠯᠠᠰᠢ ᠦᠭᠡᠢ᠃ | ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠬᠤ ᠨᠢ ᠭᠠᠵᠠᠷ ᠰᠢᠷᠤᠢ ᠳᠠᠷᠢᠶᠠᠴᠢᠳ ᠤᠨ ︽ᠳᠤᠭᠳᠠᠮᠠᠯ ᠬᠦᠷᠦᠩᠭᠡ︾ ᠪᠤᠯᠵᠤ᠂ ᠳᠠᠷᠢᠶᠠᠴᠢᠳ | ᠡᠬᠦᠨ ᠠᠴᠠ ᠬᠤᠶᠢᠰᠢ ᠭᠠᠵᠠᠷ ᠰᠢᠷᠤᠢ ᠶᠢᠨ ᠦᠨᠡᠨᠬᠦ ᠡᠵᠡᠨ ᠨᠢ ᠪᠤᠯᠤᠯ᠎ᠠ ᠭᠡᠰᠡᠨ ᠦᠭᠡ᠃ ᠡᠬᠦᠨ ᠤ ᠬᠠᠮᠳᠤ ᠳᠠᠷᠢᠶᠠᠴᠢᠳ ᠤᠨ ᠬᠦᠷᠦᠩᠭᠡ ᠴᠤ ᠨᠡᠩ ᠬᠦᠴᠦᠨ ᠲᠠᠢ | ᠬᠠᠤᠯᠢ ᠴᠠᠭᠠᠵᠠ ᠶᠢᠨ ᠬᠠᠮᠠᠭᠠᠯᠠᠯᠳᠠ ᠬᠦᠷᠳᠡᠵᠦ᠂ ᠵᠠᠰᠠᠭ ᠤᠨ ᠤᠷᠳᠤᠨ ᠠᠴᠠ ᠭᠠᠵᠠᠷ ᠢ ᠨᠢ ᠳᠠᠳᠠᠪᠤᠷᠢᠯᠠᠭᠰᠠᠨ ᠴᠤ ᠳᠠᠷᠢᠶᠠᠴᠢᠳ ᠤᠨ ᠵᠦᠪᠰᠢᠶᠡᠷᠡᠯ ᠢ ᠤᠯᠬᠤ | ᠭᠡᠷᠡᠭᠳᠡᠢ︔ ᠭᠠᠵᠠᠷ ᠰᠢᠷᠤᠢ ᠶᠢᠨ ᠡᠵᠡᠩᠨᠡᠯᠳᠠ ᠶᠢᠨ ᠡᠷᠬᠡ ᠶᠢ ᠰᠢᠯᠵᠢᠭᠦᠯᠭᠦ ᠳᠡᠭᠡᠨ ᠴᠤ ᠨᠡᠩ ᠰᠠᠨᠠᠭ᠎ᠠ ᠠᠮᠤᠷ ᠪᠤᠯᠵᠤ᠂ ᠦᠮᠴᠢᠯᠡᠯ ᠤᠨ ᠡᠷᠭᠡ ᠪᠠᠨ | ᠳᠤᠳᠤᠯᠠᠭᠤᠯᠤᠭᠰᠠᠨ ᠭᠠᠵᠠᠷ ᠢᠶᠠᠷ ᠢᠶᠠᠨ ᠪᠠᠰᠠ ᠬᠦᠷᠦᠩᠭᠡ ᠪᠤᠯᠭᠠᠨ ᠪᠠᠷᠢᠴᠠᠭᠠᠯᠠᠨ ᠵᠢᠭᠡᠯᠡᠯᠭᠡ ᠠᠪᠴᠤ ᠪᠤᠯᠬᠤ ᠳᠤᠯᠠ ᠳᠠᠷᠢᠶᠠᠴᠢᠳ ᠤᠨ ᠦᠢᠯᠡᠳᠪᠦᠷᠢᠯᠡᠯ ᠤᠨ | ᠭᠡᠪᠴᠢᠶᠠᠵᠢᠶᠠᠯ ᠢᠶᠠᠨ ᠦᠷᠭᠡᠳᠭᠡᠭᠦ ᠳᠤ ᠪᠡᠯᠡ ᠮᠦᠩᠬᠦ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠬᠦ ᠳᠤ ᠠᠰᠢᠭᠳᠠᠢ᠃ ᠡᠶᠢᠮᠦ ᠠᠴᠠ ᠳᠠᠷᠢᠶᠠᠴᠢᠳ ᠲᠤ | ᠠᠰᠢᠬ ᠲᠠᠢ ᠲᠠᠯ ᠠ ᠤᠯᠠᠨ ᠪᠤᠢ᠃ | ᠨᠢᠭᠡ᠂ ᠳᠠᠭᠠᠭᠠᠴᠢᠯᠠᠭᠰᠠᠨ ᠭᠠᠵᠠᠷ ᠪᠠ ᠬᠡᠷ ᠪᠠᠶᠢᠰᠢᠩ ᠤᠨ ᠰᠠᠭᠤᠷᠢ ᠶᠢᠨ ᠭᠠᠵᠠᠷ ᠳᠠᠷᠢᠶᠠᠴᠢᠳ ᠳᠠᠭᠠᠭᠠᠴᠢᠯᠠᠭᠰᠠᠨ ᠭᠠᠵᠠᠷ ᠲᠠᠭᠠᠨ ᠳᠠᠷᠢᠵᠤ ᠤᠷᠭᠤᠭᠤᠯᠤᠨ | ᠡᠯ᠎ᠡ ᠵᠦᠢᠯ ᠤᠨ ᠨᠦᠬᠦᠪᠦᠷᠢ ᠤᠯᠬᠤ ᠮᠦᠷᠲᠡᠭᠡᠨ ᠬᠡᠷ ᠪᠠᠶᠢᠰᠢᠩ ᠤᠨ ᠰᠠᠭᠤᠷᠢ ᠶᠢᠨ ᠭᠠᠵᠠᠷ ᠲᠡᠭᠡᠷ᠎ᠡ ᠪᠠᠨ ᠭᠡᠷ ᠪᠠᠷᠢᠵᠤ ᠪᠤᠯᠤᠨ᠎ᠠ᠃ ᠤᠳᠤ ᠨᠡᠯᠢᠶᠡᠳ ᠤᠯᠠᠨ | ᠬᠦᠳᠡᠭᠡ ᠶᠢᠨ ᠬᠦᠮᠦᠨ ᠭᠤᠶᠤ ᠭᠡᠭᠡᠨᠴᠢᠷ ᠠᠰᠠᠷ᠂ ᠵᠤᠰᠠᠯᠠᠩ ᠪᠠᠷᠢᠵᠤ᠂ ᠭᠡᠭᠦ ᠳᠡᠭᠡᠨ ᠵᠦᠪᠭᠡᠨ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠲᠠᠢ ᠬᠦᠮᠦᠨ | ᠯᠡ ᠦᠪᠡᠰᠦᠪᠠᠨ ᠭᠡᠷ ᠪᠠᠷᠢᠵᠤ ᠪᠤᠯᠤᠨ᠎ᠠ᠂ ᠬᠤᠳᠠ ᠶᠢᠨ ᠡᠷᠦᠭᠡ ᠠᠮᠠ ᠶᠢᠨ ᠳᠠᠩᠰᠠ ᠲᠠᠢ ᠬᠦᠮᠦᠨ ᠬᠦᠳᠡᠭᠡ ᠳᠤᠰᠬᠤᠨ ᠠᠴᠠ ᠭᠠᠵᠠᠷ ᠬᠤᠳᠠᠯᠳᠤᠨ ᠠᠪᠤᠭᠠᠳ | ᠪᠠᠷᠢᠵᠤ ᠪᠤᠯᠬᠤ ᠦᠭᠡᠢ ᠪᠠᠶᠢᠳᠠᠭ᠃ ᠵᠠᠩᠬᠢᠯᠠᠭ᠎ᠠ ᠨᠢ ᠦᠪᠡᠰᠦᠪᠡᠨ ᠭᠡᠷ ᠪᠠᠷᠢᠬᠤ ᠨᠢ ᠳᠠᠮᠠᠢ ᠵᠤᠭᠤᠰ ᠵᠠᠷᠤᠴᠠᠭᠤᠯᠬᠤ ᠦᠭᠡᠢ᠂ ᠡᠩ ᠤᠨ ᠪᠠᠶᠢᠳᠠᠯ ᠳᠤ ᠬᠤᠳᠠ ᠳᠤ | ᠠᠰᠠᠷ ᠠᠪᠬᠤ ᠳᠤ ᠠᠩᠬ᠎ᠠ ᠵᠠᠷᠤᠴᠠᠭᠤᠯᠬᠤ ᠮᠦᠩᠬᠦ ᠪᠠᠷ ᠬᠦᠳᠡᠭᠡ ᠳᠤᠰᠬᠤᠨ ᠳᠤ ᠰᠠᠶᠢᠬᠠᠨ ᠨᠢᠭᠡ ᠭᠡᠷ ᠪᠠᠷᠢᠵᠤ ᠳᠠᠶᠢᠯᠦᠨ᠎ᠡ᠃ ᠭᠡᠷᠪᠡ ᠲᠡᠨ ᠤ ᠭᠠᠵᠠᠷ ᠰᠢᠷᠤᠢ | ᠴᠢᠨᠢ ᠬᠤᠳᠠ ᠶᠢᠨ ᠤᠢᠢᠷ᠎ᠠ ᠲᠡᠬᠦᠷᠭᠡ ᠪᠤᠶᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠴᠢᠬᠤᠯᠠ ᠭᠠᠵᠠᠷ ᠪᠠᠶᠢᠪᠠᠯ ᠭᠠᠵᠠᠷ ᠰᠢᠷᠤᠢ ᠶᠢᠨ ᠦᠷᠲᠡᠭ | ᠨᠡᠮᠡᠭᠳᠡᠬᠦ ᠶᠢ ᠬᠦᠯᠢᠶᠡᠭᠡᠳ ᠰᠠᠭᠤᠪᠠᠯ ᠤᠳᠠᠯ ᠦᠭᠡᠢ ᠶᠡᠭᠡ ᠬᠦᠷᠦᠩᠬᠡ ᠲᠠᠢ ᠴᠤ ᠪᠤᠯᠴᠢᠬᠠᠬᠤ ᠮᠠᠭᠠᠳ᠃ | ᠬᠤᠶᠠᠷ᠂ ᠭᠠᠵᠠᠷ ᠰᠢᠷᠤᠢ ᠳᠠᠳᠠᠪᠤᠷᠢᠯᠠᠬᠰᠠᠨ ᠲᠦᠯᠦᠪᠦᠷᠢ ᠬᠦᠳᠡᠭᠡ ᠳᠤᠰᠬᠤᠨ ᠳᠤ ᠡᠷᠦᠭᠡ ᠠᠮᠠ ᠶᠢᠨ ᠳᠠᠩᠰᠠ ᠲᠠᠢ ᠪᠤᠯ ᠳᠠᠷᠢᠶᠠᠴᠢᠳ ᠤᠨ ᠬᠠᠮᠳᠤ ᠶᠢᠨ | ᠦᠮᠴᠢᠯᠡᠯ ᠤᠨ ᠭᠠᠵᠠᠷ ᠰᠢᠷᠤᠢ ᠶᠢ ᠳᠠᠳᠠᠪᠤᠷᠢᠯᠠᠬᠤ ᠪᠤᠶᠤ ᠳᠠᠳᠠᠪᠤᠷᠢᠯᠠᠨ ᠭᠡᠷᠡᠭᠯᠡᠪᠡᠯ ᠤᠯᠤᠰ ᠠᠴᠠ ᠳᠤᠭᠳᠠᠭᠠᠯ ᠶᠤᠰᠤᠭᠠᠷ ᠳᠠᠷᠢᠶᠠᠴᠢᠳ ᠲᠤ ᠭᠠᠵᠠᠷ ᠰᠢᠷᠤᠢ ᠶᠢ | ᠳᠠᠳᠠᠪᠤᠷᠢᠯᠠᠭᠰᠠᠨ ᠲᠦᠯᠦᠪᠦᠷᠢ ᠤᠯᠭᠤᠨ᠎ᠠ᠃ | ᠭᠤᠷᠪᠠ᠂ ᠬᠠᠮᠳᠤ ᠶᠢᠨ ᠡᠷᠭᠡ ᠠᠰᠢᠬ ᠢ ᠬᠤᠪᠢᠶᠠᠯᠴᠠᠬᠤ ᠡᠷᠭᠡ ᠲᠠᠢ ᠵᠠᠷᠢᠮ ᠭᠠᠵᠠᠷ ᠤᠷᠤᠠ ᠬᠠᠮᠳᠤ ᠶᠢᠨ ᠠᠰᠢᠭ ᠤᠯᠵᠠᠪᠤᠷᠢ ᠪᠠᠨ ᠬᠤᠪᠢᠶᠠᠯᠴᠠᠳᠠᠭ᠂ ᠳᠠᠷᠤᠢ | ᠭᠠᠵᠠᠷ ᠰᠢᠷᠤᠢ ᠵᠡᠷᠭᠡ ᠬᠠᠮᠳᠤ ᠶᠢᠨ ᠠᠵᠤ ᠠᠬᠤᠢ ᠶᠢᠨ ᠠᠰᠢᠬ ᠤᠯᠵᠠᠪᠤᠷᠢ ᠪᠠᠨ ᠬᠤᠪᠢᠶᠠᠯᠴᠠᠵᠤ ᠪᠤᠢ᠂ ᠳᠤᠰᠬᠤᠨ ᠤ ᠬᠢ ᠮᠦᠷᠲᠡᠭᠡᠨ ᠬᠦᠳᠡᠭᠡ ᠳᠤᠰᠬᠤᠨ ᠤ | ᠡᠷᠦᠭᠡ ᠠᠮᠠ ᠶᠢᠨ ᠳᠠᠩᠰᠠ ᠲᠠᠢ ᠯᠠ ᠪᠤᠯ ᠡᠷᠡᠭᠳᠡᠢ ᠡᠮᠡᠭᠳᠡᠢ ᠬᠦᠭᠰᠢᠨ ᠵᠠᠯᠠᠭᠤ ᠭᠡᠰᠡᠨ ᠦᠭᠡᠢ ᠴᠦᠮ ᠠᠰᠢᠭ ᠤᠯᠵᠠᠪᠤᠷᠢ ᠬᠤᠪᠢᠶᠠᠯᠴᠠᠵᠤ ᠪᠤᠯᠤᠨ᠎ᠠ᠂ ᠭᠡᠷᠪᠡ | ᠡᠷᠦᠭᠡ ᠠᠮᠠ ᠶᠢᠨ ᠳᠠᠩᠰᠠ ᠪᠠᠨ ᠰᠢᠯᠵᠢᠬᠦᠯᠦᠭᠰᠡᠨ ᠪᠤᠯ ᠬᠤᠪᠢᠶᠠᠯᠴᠠᠬᠤ ᠡᠷᠭᠡ ᠪᠠᠨ ᠠᠯᠳᠠᠬᠤ ᠪᠤᠯᠤᠨ᠎ᠠ᠃ | ᠲᠦᠷᠪᠡ᠂ ᠢᠨᠲ᠋ᠧᠷ ᠰᠦᠯᠵᠢᠶ᠎ᠡ ᠶᠢᠨ ᠲᠦᠭᠡᠮᠡᠯᠵᠢᠯᠳᠠ ᠨᠢ ᠬᠦᠳᠡᠭᠡ ᠳᠤᠰᠬᠤᠨ ᠤ ᠠᠵᠤ ᠠᠬᠤᠢ ᠶᠢᠨ ᠬᠦᠭᠵᠢᠯᠳᠡ ᠶᠢ ᠠᠬᠢᠭᠤᠯᠪᠠ ᠢᠨᠲ᠋ᠧᠷ ᠰᠦᠯᠵᠢᠶ᠎ᠡ | ᠬᠦᠳᠡᠭᠡ ᠳᠤᠰᠬᠤᠨ ᠳᠤ ᠲᠦᠭᠡᠮᠡᠯᠵᠢᠬᠦ ᠶᠢ ᠳᠠᠭᠠᠯᠳᠤᠨ᠂ ᠳᠠᠷᠢᠶᠠᠴᠢᠳ ᠭᠡᠷ ᠲᠡᠭᠡᠨ ᠰᠠᠭᠤᠭᠠᠳ ᠮᠠᠯ ᠤᠨ ᠠᠰᠢᠭ ᠰᠢᠮ ᠠ ᠳᠠᠷᠢᠶᠠᠯᠠᠩ ᠤᠨ ᠪᠦᠳᠦᠭᠡᠭᠳᠡᠬᠦᠨ ᠢᠶᠠᠨ | ᠢᠨᠲ᠋ᠧᠷ ᠰᠦᠯᠵᠢᠶ᠎ᠠ ᠪᠠᠷ ᠪᠤᠷᠤᠯᠠᠭᠤᠯᠳᠠᠭ ᠪᠤᠯᠪᠡ᠃ ᠤᠶᠤᠳᠠᠳ ᠬᠦᠳᠡᠭᠡ ᠳᠤᠰᠬᠤᠨ ᠳᠠᠭᠠᠨ ᠬᠠᠷᠢᠭᠠᠳ ᠦᠢᠯᠡᠰ ᠪᠤᠰᠬᠠᠬᠤ ᠨᠢ ᠵᠦᠡᠭᠳᠡᠭᠡᠨ ᠤ ᠶᠠᠪᠤᠳᠠᠯ ᠪᠤᠯᠵᠤ᠂ | ᠰᠢᠨ᠎ᠡ ᠮᠠᠶ᠋ᠢᠬ ᠤᠨ ᠴᠢᠳᠠᠪᠤᠷᠢᠳᠠᠨ ᠤᠷᠤᠵᠤ ᠢᠷᠡᠭᠰᠡᠨ ᠠᠴᠠ ᠬᠦᠳᠡᠭᠡ ᠳᠤᠰᠬᠤᠨ ᠤ ᠠᠵᠤ ᠠᠬᠤᠢ ᠶᠢᠨ ᠬᠦᠭᠵᠢᠯᠳᠠ ᠶᠢ ᠠᠬᠢᠭᠤᠯᠵᠤ ᠪᠤᠢ᠃ | ᠳᠠᠪᠤ᠂ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠨᠠᠰᠤᠵᠢᠯ ᠤᠨ ᠳᠠᠭᠠᠳᠬᠠᠯ ᠲᠠᠢ ᠬᠤᠯᠪᠤᠬᠳᠠᠨ᠎ᠠ ᠬᠦᠳᠡᠭᠡ ᠳᠤᠰᠬᠤᠨ ᠤ ᠡᠷᠦᠭᠡ ᠠᠮᠠ ᠶᠢᠨ | ᠳᠠᠩᠰᠠ ᠲᠠᠢ ᠬᠦᠮᠦᠰ ᠴᠤ ᠨᠠᠰᠤᠵᠢᠯ ᠤᠨ ᠳᠠᠭᠠᠳᠬᠠᠯ ᠲᠠᠢ ᠪᠤᠯᠵᠤ᠂ ᠪᠦᠬᠦᠯᠢ 60 ᠨᠠᠰᠤ ᠬᠦᠷᠪᠡᠯ ᠰᠦᠢᠳᠭᠡᠯ ᠳᠤᠰᠢᠶᠠᠬᠤ ᠦᠭᠡᠢ ᠪᠠᠷ 70 ᠲᠦᠬᠦᠷᠢᠭ ᠤᠨ | ᠨᠠᠰᠤᠵᠢᠯ ᠤᠨ ᠠᠰᠠᠷᠠᠮᠵᠢ ᠶᠢᠨ ᠮᠦᠩᠬᠦ ᠤᠯᠬᠤ ᠪᠤᠯᠪᠠ᠃ ᠭᠡᠷᠪᠡ ᠰᠦᠢᠳᠭᠡᠯ ᠳᠤᠰᠢᠶᠠᠬᠰᠠᠨ ᠪᠤᠯ ᠵᠠᠰᠠᠭ ᠤᠨ ᠤᠷᠳᠤᠨ ᠪᠠ ᠳᠤᠰᠬᠤᠨ ᠠᠴᠠ ᠳᠠᠭᠠᠳᠬᠠᠯ ᠳᠤ | ᠤᠷᠤᠭᠰᠠᠳ ᠲᠤ ᠨᠦᠬᠦᠪᠦᠷᠢ ᠤᠯᠭᠤᠨ᠂ ᠬᠤᠪᠢ ᠬᠦᠮᠦᠨ ᠨᠢᠭᠡ ᠭᠡᠰᠡᠭ ᠢ ᠨᠢ ᠳᠤᠰᠢᠶᠠᠪᠠᠯ ᠨᠠᠰᠤᠵᠢᠬᠰᠠᠨ ᠤ ᠳᠠᠷᠠᠭ᠎ᠠ ᠮᠢᠩᠭ᠎ᠠ ᠭᠠᠷᠤᠢ ᠲᠦᠭᠦᠷᠢᠭ ᠤᠨ | ᠨᠠᠰᠤᠵᠢᠯ ᠤᠨ ᠠᠰᠠᠷᠠᠮᠵᠢ ᠶᠢᠨ ᠮᠦᠩᠬᠦ ᠬᠦᠷᠲᠡᠬᠦ ᠪᠤᠯᠤᠨ᠎ᠠ᠃ | ᠵᠢᠷᠭᠤᠭ᠎ᠠ᠂ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠶᠢ ᠰᠢᠯᠵᠢᠬᠦᠯᠬᠦ ᠠᠰᠠᠭᠤᠳᠠᠯ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠶᠢ | ᠬᠤᠳᠠ ᠶᠢᠨ ᠡᠷᠦᠭᠡ ᠠᠮᠠ ᠶᠢᠨ ᠳᠠᠩᠰᠠ ᠪᠤᠯᠭᠠᠵᠤ ᠪᠤᠯᠤᠨ᠎ᠠ᠂ ᠭᠡᠬᠦ ᠳᠡᠭᠡᠨ ᠤᠳᠤ ᠶᠢᠨ ᠬᠦᠳᠡᠭᠡ ᠳᠤᠰᠬᠤᠨ ᠤ ᠠᠰᠠᠷᠠᠮᠵᠢ ᠶᠢᠨ ᠲᠦᠷᠦ ᠶᠢᠨ ᠪᠤᠳᠤᠯᠭ᠎ᠠ ᠤᠯᠠᠮ | ᠠᠷᠪᠢᠨ ᠪᠤᠯᠵᠤ᠂ ᠴᠦᠭᠡᠨ ᠪᠤᠰᠤ ᠬᠤᠳᠠ ᠶᠢᠨ ᠬᠦᠮᠦᠰ ᠴᠤ ᠬᠦᠳᠡᠭᠡ ᠳᠤᠰᠬᠤᠨ ᠳᠤ ᠡᠷᠦᠭᠡ ᠠᠮᠠ ᠶᠢᠨ ᠳᠠᠩᠰᠠ ᠪᠠᠨ ᠰᠢᠯᠵᠢᠬᠦᠯᠦᠨ ᠠᠪᠠᠴᠢᠬᠤ ᠰᠠᠨᠠᠭ᠎ᠠ ᠲᠠᠢ | ᠪᠤᠯᠪᠠᠴᠤ ᠲᠦᠷᠦ ᠶᠢᠨ ᠪᠤᠳᠤᠯᠭ᠎ᠠ ᠵᠦᠪᠰᠢᠶᠡᠷᠡᠬᠦ ᠦᠭᠡᠢ᠃ | ᠳᠤᠯᠤᠭ᠎ᠠ᠂ ᠳᠠᠷᠢᠶᠠᠴᠢᠳ ᠪᠤᠬᠢᠷᠳᠤᠯ ᠦᠭᠡᠢ ᠠᠮᠢ ᠠᠬᠤᠢ ᠶᠢᠨ ᠠᠵᠤ ᠦᠢᠯᠡᠰ ᠢ ᠬᠦᠭᠵᠢᠬᠦᠯᠪᠡᠯ ᠡᠭᠡᠭᠡ ᠠᠳᠠᠯᠢᠬᠠᠨ ᠮᠦᠩᠬᠦ ᠵᠤᠭᠤᠰ ᠤᠯᠤᠨ᠎ᠠ ᠤᠳᠤ ᠶᠢᠨ | ᠬᠦᠮᠦᠰ ᠪᠤᠬᠢᠷᠳᠤᠯ ᠦᠭᠡᠢ ᠭᠡᠷᠡᠭᠯᠡᠭᠡ ᠶᠢ ᠤᠯᠠᠮ ᠠᠴᠠ ᠬᠦᠭᠡᠭᠡᠴᠡᠯᠳᠦᠬᠦ ᠪᠤᠯᠵᠤ᠂ ᠬᠦᠳᠡᠭᠡ ᠳᠤᠰᠬᠤᠨ ᠤ ᠰᠢᠨ᠎ᠡ ᠰᠤᠷᠭᠤᠭ ᠠᠭᠤᠷ ᠠᠮᠢᠰᠬᠤᠯ ᠪᠠ ᠭᠤᠶᠤ | ᠦᠵᠡᠰᠬᠦᠯᠡᠩ ᠪᠤᠬᠢᠷᠳᠤᠯ ᠦᠭᠡᠢ ᠬᠦᠭᠡᠮᠳᠦᠭ ᠨᠤᠭᠤᠭᠠᠨ ᠠᠭᠤᠯᠠ ᠤᠰᠤ ᠶᠢ ᠬᠦᠰᠡᠮᠵᠢᠯᠡᠬᠦ ᠪᠤᠯᠤᠭᠰᠠᠨ ᠮᠦᠷᠲᠡᠭᠡᠨ ᠬᠦᠳᠡᠭᠡ ᠶᠢᠨ ᠤᠷᠭᠠᠨᠢᠬ ᠢᠳᠡᠰᠢᠨ | ᠨᠤᠭᠤᠭ᠎ᠠ ᠶᠢ ᠴᠤ ᠮᠠᠰᠢ ᠬᠦᠷᠢᠶᠡᠯᠡᠳᠡᠭ᠂ ᠡᠶᠢᠮᠦ ᠠᠴᠠ ᠬᠤᠳᠠᠯᠳᠤᠭᠠᠨ ᠤ ᠠᠵᠠ ᠳᠤᠬᠢᠶᠠᠯ ᠢ ᠠᠵᠢᠵᠤ ᠮᠡᠳᠡᠭᠰᠡᠨ ᠳᠠᠷᠢᠶᠠᠴᠢᠳ ᠡᠨᠡᠬᠦ ᠳᠤᠬᠢᠶᠠᠯ ᠢ ᠠᠰᠢᠬᠯᠠᠨ ᠠᠮᠢ | ᠠᠬᠤᠢ ᠶᠢᠨ ᠳᠠᠷᠢᠶᠠᠯᠠᠩ ᠢ ᠬᠦᠭᠵᠢᠬᠦᠯᠦᠬᠡᠳ ᠵᠤᠭᠤᠰ ᠮᠦᠩᠬᠦ ᠤᠯᠵᠤ ᠠᠮᠢᠳᠤᠷᠠᠯ ᠢᠶᠠᠨ ᠰᠠᠶᠢᠵᠢᠷᠠᠭᠤᠯᠵᠤ ᠪᠠᠶᠢᠨ᠎ᠠ᠃ | ᠲᠡᠭᠡᠪᠡᠯ᠂ ᠲᠠᠷᠢᠶᠠᠯᠠᠩ ᠤᠨ ᠡᠷᠦᠭᠡ ᠠᠮᠠ ᠶᠢᠨ ᠳᠠᠩᠰᠠ ᠶᠢ ᠶᠠᠭᠤᠨ ᠳᠤ ᠦᠭᠡᠶᠢᠰᠭᠡᠭᠦ ᠪᠤᠢ︖ | 1᠂ ᠲᠠᠷᠢᠶᠠᠯᠠᠩ ᠤᠨ ᠡᠷᠦᠭᠡ ᠠᠮᠠ ᠶᠢᠨ ᠳᠠᠩᠰᠠ ᠶᠢ ᠦᠭᠡᠶᠢᠰᠭᠡᠭᠦ ᠶᠢᠨ ᠵᠢᠩᠬᠢᠨᠢ ᠠᠴᠢ ᠬᠤᠯᠪᠤᠭᠳᠠᠯ ᠨᠢ ᠬᠤᠳᠠ ᠬᠦᠳᠡᠭᠡ ᠳᠤ ᠡᠷᠦᠭᠡ ᠠᠮᠠ ᠶᠢ ᠨᠢᠭᠡᠳᠦᠯᠳᠡᠢ | ᠳᠠᠩᠰᠠᠯᠠᠬᠤ ᠲᠦᠷᠢᠮ ᠢ ᠪᠠᠶᠢᠭᠤᠯᠬᠤ ᠳᠤ ᠪᠤᠢ᠃ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠬᠢᠭᠡᠳ ᠳᠠᠷᠢᠶᠠᠯᠠᠩ ᠤᠨ ᠪᠤᠰᠤ ᠡᠷᠦᠭᠡ ᠠᠮᠠ ᠶᠢᠨ ᠳᠠᠩᠰᠠ ᠶᠢᠨ | ᠰᠢᠨᠵᠢ ᠴᠢᠨᠠᠷ ᠤᠨ ᠢᠯᠭᠠᠭ᠎ᠠ ᠠᠴᠠ ᠪᠤᠯᠤᠭᠰᠠᠨ ᠡᠷᠦᠭᠡ ᠠᠮᠠ ᠶᠢᠨ ᠬᠦᠭᠡ ᠲᠡᠪᠳᠡᠷ ᠵᠡᠷᠭᠡ ᠡᠷᠦᠭᠡ ᠠᠮᠠ ᠶᠢᠨ ᠳᠠᠩᠰᠠ ᠶᠢᠨ ᠲᠦᠷᠦᠯ ᠵᠦᠢᠯ ᠢ ᠤᠰᠠᠳᠬᠠᠨ᠂ | ᠰᠠᠭᠤᠭᠠᠯᠢ ᠠᠷᠠᠳ ᠤᠨ ᠡᠷᠦᠭᠡ ᠠᠮᠠ ᠶᠢᠨ ᠳᠠᠩᠰᠠ ᠪᠠᠷ ᠨᠢᠭᠡᠳᠦᠯᠳᠡᠢ ᠳᠠᠩᠰᠠᠯᠠᠬᠤ ᠨᠢ ᠡᠷᠦᠭᠡ ᠠᠮᠠ ᠶᠢᠨ ᠳᠠᠩᠰᠠ ᠶᠢᠨ ᠲᠦᠷᠢᠮ ᠤᠨ ᠬᠦᠮᠦᠨ ᠠᠮᠠ ᠶᠢ | ᠳᠠᠩᠰᠠᠯᠠᠬᠤ ᠬᠠᠮᠢᠶᠠᠷᠤᠯᠳᠠ ᠶᠢᠨ ᠴᠢᠳᠠᠪᠬᠢ ᠶᠢ ᠬᠠᠷᠠᠭᠤᠯᠬᠤ ᠶᠢᠨ ᠲᠦᠯᠦᠭᠡ ᠶᠤᠮ᠃ | 2᠂ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠬᠢᠭᠡᠳ ᠳᠠᠷᠢᠶᠠᠯᠠᠩ ᠤᠨ ᠪᠤᠰᠤ ᠡᠷᠦᠭᠡ ᠠᠮᠠ ᠶᠢᠨ ᠳᠠᠩᠰᠠ ᠶᠢᠨ ᠰᠢᠨᠵᠢ ᠴᠢᠨᠠᠷ ᠤᠨ ᠢᠯᠭᠠᠭ᠎ᠠ ᠶᠢᠨ | ᠵᠠᠩᠬᠢᠯᠠᠭ᠎ᠠ ᠨᠢ ᠨᠡᠷ᠎ᠡ ᠨᠢ ᠬᠤᠪᠢᠷᠠᠭᠰᠠᠨ ᠳᠤ ᠪᠠᠶᠢᠬᠤ ᠪᠢᠰᠢ᠂ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠬᠢᠭᠡᠳ ᠳᠠᠷᠢᠶᠠᠯᠠᠩ ᠤᠨ ᠪᠤᠰᠤ ᠡᠷᠦᠭᠡ ᠠᠮᠠ ᠶᠢᠨ | ᠳᠠᠩᠰᠠ ᠶᠢ ᠨᠢᠭᠡᠳᠦᠬᠦᠯᠦᠭᠡᠳ ᠰᠠᠭᠤᠭᠠᠯᠢ ᠠᠷᠠᠳ ᠤᠨ ᠡᠷᠦᠭᠡ ᠠᠮᠠ ᠶᠢᠨ ᠳᠠᠩᠰᠠ ᠪᠤᠯᠭᠠᠬᠤ ᠡᠶᠢᠮᠦ ᠯᠡ ᠲᠦᠬᠦᠮᠭᠡᠨ ᠤᠴᠢᠷ ᠴᠤ ᠪᠢᠰᠢ᠂ ᠬᠠᠷᠢᠨ ᠲᠡᠬᠦᠨ ᠤ | ᠠᠷᠤ ᠳᠠᠬᠢ ᠨᠡᠶᠢᠭᠡᠮ ᠤᠨ ᠠᠰᠠᠷᠠᠮᠵᠢ ᠶᠢᠨ ᠵᠦᠷᠢᠶ᠎ᠡ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠡᠭᠰᠢ ᠪᠤᠰᠤ ᠵᠡᠷᠭᠡ ᠵᠦᠷᠢᠶ᠎ᠠ ᠶᠢ ᠠᠷᠢᠯᠭᠠᠨ᠂ ᠬᠤᠳᠠ | ᠬᠦᠳᠡᠭᠡ ᠶᠢᠨ ᠪᠦᠬᠦ᠋ᠢᠯᠡ ᠰᠠᠭᠤᠭᠠᠯᠢ ᠠᠷᠠᠳ ᠲᠤ ᠠᠳᠠᠯᠢ ᠲᠡᠭᠰᠢ ᠨᠡᠶᠢᠭᠡᠮ ᠤᠨ ᠠᠰᠠᠷᠠᠮᠵᠢ ᠶᠢᠨ ᠬᠠᠷᠠᠭᠠᠯᠵᠠᠯ ᠪᠠ ᠤᠯᠠᠨ ᠨᠡᠶᠢᠳᠡ ᠶᠢᠨ ᠦᠢᠯᠡᠴᠢᠯᠡᠭᠡ ᠶᠢ | ᠬᠦᠷᠲᠡᠭᠡᠨ᠂ ︽ᠠᠳᠠᠯᠢ ᠡᠷᠦᠭᠡ ᠠᠮᠠ ᠠᠳᠠᠯᠢ ᠡᠷᠭᠡ ᠲᠠᠢ︾ ᠶᠢ ᠪᠡᠶᠡᠯᠡᠬᠦᠯᠬᠦ ᠶᠢᠨ ᠲᠦᠯᠦᠭᠡ ᠶᠤᠮ᠃ |