ᠳᠠᠬᠢᠶᠠᠨ ᠦᠨᠳᠡᠭᠡ ︽ᠪᠦᠷᠢᠨ ᠰᠢᠮ᠎ᠡ ᠲᠡᠵᠢᠭᠡᠯᠳᠦ ᠢᠳᠡᠭᠡᠨ︾ ᠭᠡᠰᠡᠨ ᠰᠠᠶᠢᠬᠠᠨ ᠴᠤᠯᠠ ᠲᠠᠢ᠃ ᠬᠠᠮᠤᠬ ᠤᠨ ᠰᠢᠨ᠎ᠡ ᠰᠤᠳᠤᠯᠭᠠᠨ ᠳᠤ ᠢᠯᠡᠷᠡᠬᠦᠯᠦᠭᠰᠡᠨ ᠢᠶᠠᠷ | ᠂ ᠭᠡᠤᠭᠡᠳ ᠡᠳᠦᠷ ᠤᠨ ᠨᠢᠭᠡ ᠳᠠᠬᠢᠶᠠᠨ ᠦᠨᠳᠡᠭᠡ ᠢᠳᠡᠪᠡᠯ ᠪᠤᠶᠢᠵᠢᠯᠳᠠ ᠤᠳᠠᠭᠠᠨ ᠪᠠᠶᠢᠳᠠᠯ ᠠᠴᠠ ᠵᠠᠶᠢᠯᠠᠰᠬᠢᠵᠤ ᠪᠤᠯᠤᠨ᠎ᠠ᠃ 2015 ᠤᠨ ᠠᠴᠠ ᠡᠬᠢᠯᠡᠨ᠂ | ᠠᠮᠧᠷᠢᠺᠠ ᠶᠢᠨ ᠸᠠᠰᠢᠩᠲ᠋ᠤᠨ ᠶᠡᠭᠡ ᠰᠤᠷᠭᠠᠭᠤᠯᠢ ᠶᠢᠨ ᠰᠤᠳᠤᠯᠭᠠᠳᠠᠳ 6 — 9 ᠰᠠᠷ᠎ᠠ ᠲᠠᠢ ᠨᠢᠷᠠᠢ ᠭᠡᠤᠭᠡᠳ ᠢ ᠳᠤᠷ᠎ᠠ ᠶᠢᠨ ᠬᠤᠶᠠᠷ ᠳᠤᠭᠤᠢᠢᠯᠠᠩ ᠬᠤᠪᠢᠶᠠᠨ | ᠰᠢᠮ᠎ᠡ ᠲᠡᠵᠢᠭᠡᠯ ᠤᠨ ᠳᠤᠷᠰᠢᠯᠳᠠ ᠬᠢᠵᠡᠢ᠂ ᠨᠢᠭᠡ ᠳᠤᠭᠤᠢᠢᠯᠠᠩ ᠤᠨ ᠭᠡᠤᠭᠡᠳ ᠲᠤ ᠡᠳᠦᠷ ᠪᠦᠷᠢ ᠨᠢᠭᠡ ᠳᠠᠬᠢᠶᠠᠨ ᠦᠨᠳᠡᠭᠡ ᠢᠳᠡᠬᠦᠯᠬᠦ ᠶᠢᠨ ᠬᠠᠮᠳᠤ ᠰᠢᠮ᠎ᠡ | ᠲᠡᠵᠢᠭᠡᠯ ᠤᠨ ᠳᠤᠰᠬᠠᠢ ᠮᠡᠷᠭᠡᠵᠢᠯᠳᠡᠨ ᠤ ᠳᠠᠨᠢᠯᠴᠠᠭᠤᠯᠤᠭᠰᠠᠨ ᠡᠷᠡᠬᠦᠯ ᠢᠳᠡᠭᠡᠨ ᠤᠮᠳᠠᠭᠠᠨ ᠢᠶᠠᠷ ᠲᠡᠵᠢᠭᠡᠨ᠂ ᠨᠦᠬᠦᠭᠡ ᠨᠢᠭᠡ ᠳᠤᠭᠤᠢᠢᠯᠠᠩ ᠤᠨ ᠬᠢᠨ ᠳᠤᠨᠢ | ᠳᠠᠬᠢᠶᠠᠨ ᠦᠨᠳᠡᠭᠡ ᠢᠳᠡᠬᠦᠯᠦᠭᠰᠡᠨ ᠦᠭᠡᠢ᠃ ᠬᠠᠷᠢᠴᠠᠭᠤᠯᠤᠯ ᠤᠨ ᠳ᠋ᠦᠩ ᠳᠤ᠂ ᠡᠳᠦᠷ ᠪᠦᠷᠢ ᠨᠢᠭᠡ ᠦᠨᠳᠡᠭᠡ ᠢᠳᠡᠬᠦᠯᠦᠭᠰᠡᠨ ᠭᠡᠤᠭᠡᠳ ᠤᠨ ᠪᠤᠶᠢᠵᠢᠯᠳᠠ | ᠤᠳᠠᠭᠠᠨ ᠪᠤᠯᠬᠤ ᠲᠦᠭᠰᠢᠬᠦᠷᠢ ᠨᠢ 47% ᠢᠶᠠᠷ ᠪᠠᠭᠤᠷᠠᠭᠰᠠᠨ ᠮᠦᠷᠲᠡᠭᠡᠨ ᠳᠠᠬᠢᠶᠠᠨ ᠦᠨᠳᠡᠭᠡ ᠨᠠᠯᠢᠶᠠᠳ ᠠᠷᠪᠢᠨ ᠢᠳᠡᠭᠰᠡᠨ ᠭᠡᠤᠭᠡᠳ ᠤᠨ ᠰᠢᠬᠢᠷ ᠠᠷᠪᠢᠨ | ᠢᠳᠡᠭᠡᠨ ᠰᠢᠩᠭᠡᠭᠡᠬᠦ ᠨᠢ ᠴᠤ ᠪᠠᠭᠠᠰᠤᠭᠰᠠᠨ ᠪᠠᠶᠢᠪᠠ᠃ |