ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠨᠠᠮ ᠤᠨ ᠠᠴᠢ ᠶᠢ ᠮᠡᠳᠡᠷᠡᠵᠤ ᠨᠠᠮ ᠤᠨ ᠭᠡᠰᠢᠭᠦᠨ ᠢ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠭᠦᠨᠵᠡᠭᠡᠶᠢᠷᠡᠭᠦᠯᠬᠦ ᠪᠠᠷ ᠬᠦᠴᠦᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠠᠭᠠᠭᠤᠯᠤᠭᠴᠢ ᠶᠢᠨ | ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ︽ᠡᠭᠡᠯ ᠠᠷᠠᠳ ᠤᠨ ᠭᠡᠷ ᠲᠤ ᠣᠷᠣᠭᠤᠯᠬᠤ︾ ᠪᠣᠯᠭᠠᠬᠤ ᠶᠢᠨ | ᠲᠥᠯᠥᠭᠡ᠂ ᠤᠢᠢᠷ᠎ᠠ ᠶᠢᠨ ᠡᠳᠦᠷ᠂ ᠠ ᠯᠢ ᠾᠧ ᠪᠠᠯᠭᠠᠰᠤ ︽ᠱᠦᠵᠢ ᠠᠴᠠ ᠱᠦᠵᠢ ᠳᠤ ᠶᠠᠷᠢᠵᠤ ᠰᠣᠨᠣᠰᠬᠤ︾ ᠲᠤᠰᠬᠠᠢ ᠰᠡᠳᠦᠪᠲᠦ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃ | ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠡᠯ᠎ᠡ ᠲᠣᠰᠬᠤᠨ ᠤ ᠰᠠᠭᠤᠭᠠᠯᠢ ᠠᠷᠠᠳ ᠦᠨᠳᠦᠰᠦᠨ ᠱᠠᠲᠤᠨ ᠤ ᠬᠠᠷᠠᠭᠠᠰᠤ ᠠᠴᠠ ︽ᠪᠡᠶ᠎ᠡ ᠪᠠᠷ ᠢᠶᠠᠨ | ᠥᠩᠭᠡᠷᠡᠭᠦᠯᠦᠭᠴᠢ᠂ ᠭᠡᠷᠡᠴᠢᠯᠡᠭᠴᠢ᠂ ᠬᠠᠮᠲᠤ ᠪᠠᠷ ᠡᠳ᠋ᠯᠡᠭᠴᠢ︾ ᠭᠡᠬᠦ ᠪᠡᠶ᠎ᠡ ᠶᠢᠨ ᠭᠠᠷᠤᠯ ᠢᠶᠠᠷ ᠲᠣᠰᠬᠤᠨ ᠤ ᠦᠨᠳᠦᠰᠦᠨ ᠪᠠᠶᠢᠳᠠᠯ ᠲᠠᠢ ᠤᠶᠠᠯᠳᠤᠭᠤᠯᠵᠤ᠂ ︽ | ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠲᠤ ᠠᠩᠬᠠᠷᠤᠯ ᠢᠶᠠᠨ ᠲᠥᠪᠯᠡᠷᠡᠭᠦᠯᠵᠦ᠂ ᠲᠡᠦᠬᠡ ᠶᠢᠨ ᠪᠣᠳᠠᠲᠤ ᠶᠠᠪᠤᠳᠠᠯ ᠪᠣᠯᠤᠨ | ᠠᠮᠢᠳᠤᠯᠢᠭ ᠬᠡᠷᠡᠭ ᠤᠨ ᠵᠢᠱᠢᠶ᠎ᠡ ᠠᠴᠠ ᠡᠯ᠎ᠡ ᠨᠠᠮ ᠤᠨ ᠡᠭᠦᠷ ᠤᠨ ᠱᠦᠵᠢ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠭᠦᠨ | ᠵᠤᠵᠠᠭᠠᠨ ᠬᠠᠶᠢᠷ᠎ᠠ ᠬᠠᠯᠠᠮᠵᠢ ᠪᠣᠯᠤᠨ ᠬᠦᠰᠡᠯ ᠨᠠᠶᠢᠳᠠᠯᠭ᠎ᠠ ᠶᠢ ᠭᠦᠨᠵᠡᠭᠡᠢ ᠶᠠᠷᠢᠭᠰᠠᠨ ᠪᠥᠭᠡᠳ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠣᠯᠤᠨ ᠶᠣᠰᠣ | ᠤᠴᠢᠷ ᠢ ᠪᠠᠲᠤ ᠴᠡᠭᠡᠵᠢᠯᠡᠵᠦ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠣᠰ ᠤᠳᠠᠭᠠᠨ ᠤ ︽ᠱᠦᠵᠢ ᠱᠦᠵᠢ ᠳᠤ ᠲᠠᠶᠢᠯᠪᠤᠷᠢᠯᠠᠨ ᠰᠣᠨᠣᠰᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠨ᠂ ᠡᠯ᠎ᠡ ᠨᠠᠮ ᠤᠨ | ᠡᠭᠦᠷ ᠤᠨ ᠱᠦᠵᠢ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠨᠠᠷᠢᠨ | ᠬᠢᠨᠠᠮᠠᠭᠠᠶ ᠰᠤᠷᠤᠯᠴᠠᠨ ᠣᠶᠢᠯᠠᠭᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠲᠡᠮᠡᠴᠡᠯ ᠤᠨ ᠳᠦᠷᠰᠦ | ᠪᠠᠶᠢᠳᠠᠯ ᠪᠠ ᠡᠭᠦᠷᠢᠳᠡ ᠴᠠᠯᠠᠭᠠᠶᠢᠷᠠᠬᠤ ᠥᠬᠡᠶ ᠵᠣᠷᠢᠭ ᠰᠠᠨᠠᠭ᠎ᠠ ᠪᠠᠷ ᠡᠷᠡᠯᠬᠡᠭᠯᠡᠨ ᠲᠡᠮᠡᠴᠡᠵᠦ᠂ ᠪᠣᠳᠠᠲᠠᠶ ᠠᠵᠢᠯᠯᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠠ | ᠯᠢ ᠾᠧ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠨ᠎ᠡ ᠭᠡᠵᠦ ᠢᠯᠡᠳᠬᠡᠵᠡᠭᠡᠪᠡ᠃ | |