︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠬᠦᠴᠢᠷᠳᠡᠯᠲᠡᠶ ᠣᠯᠠᠨ ᠲᠦᠮᠡᠨ ᠤ ᠨᠠᠮ ᠤᠨ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠴᠢᠩᠭᠠᠳᠬᠠᠵᠤ᠂ ᠭᠦ᠋ ᠯᠢ ᠰᠢᠶᠠᠩ ᠤᠨ ᠰᠢᠩ ᠱᠧᠩ ᠨᠡᠶᠢᠭᠡᠮ ᠲᠣᠭᠤᠷᠢᠭ ᠠᠷᠠᠳ ᠲᠤ ᠠᠰᠢᠭ ᠬᠦᠷᠲᠡᠭᠡᠬᠦ | ᠺᠠᠷᠲ ᠢ ᠡᠷᠦᠬᠡ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠨᠡᠶᠢᠭᠡᠮ ᠲᠣᠭᠤᠷᠢᠭ ᠤᠨ ᠠᠵᠢᠯᠲᠠᠳ ᠠᠷᠠᠳ ᠲᠤ ᠠᠰᠢᠭ ᠬᠦᠷᠲᠡᠭᠡᠬᠦ ᠺᠠᠷᠲ ᠢᠶᠠᠷ ᠬᠦᠷᠴᠦ᠂ ᠰᠠᠭᠤᠭᠠᠯᠢ ᠠᠷᠠᠳ ᠤᠨ ᠭᠡᠷ ᠲᠤ ᠬᠦᠷᠴᠦ ᠠᠷᠠᠳ ᠲᠤ ᠠᠰᠢᠭ | ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠳᠤᠷᠠᠳᠤᠭᠰᠠᠨ ᠮᠠᠳᠠᠭ ᠲᠠᠢ ᠠᠰᠠᠭᠤᠳᠠᠯ ᠳᠤ | ᠬᠠᠷᠢᠭᠤᠯᠲᠠ ᠥᠭᠴᠦ᠂ ᠰᠠᠭᠤᠭᠠᠯᠢ ᠠᠷᠠᠳ ᠤᠨ ᠦᠨᠳᠦᠰᠦᠨ ᠮᠡᠳᠡᠭᠡ ᠵᠠᠩᠭᠢ ᠶᠢ ᠨᠠᠷᠢᠨ ᠣᠶᠢᠯᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠤᠬᠠᠭᠤᠯᠬᠤ ᠶᠢᠨ ᠬᠠᠮᠲᠤ ᠡᠯ᠎ᠡ ᠭᠡᠷ ᠡᠯ᠎ᠡ ᠡᠷᠦᠬᠡ ᠶᠢᠨ ᠠᠷᠠᠳ ᠲᠤ ᠠᠰᠢᠭ ᠬᠦᠷᠲᠡᠭᠡᠬᠦ ᠺᠠᠷᠲ ᠢ ᠬᠡᠷᠡᠮ ᠳᠡᠭᠡᠷ᠎ᠡ ᠨᠠᠭᠠᠪᠠ᠃ | ᠲᠣᠰ ᠤᠳᠠᠭᠠᠨ ᠤ ᠡᠷᠦᠬᠡ ᠳᠤ ᠬᠦᠷᠴᠦ ᠰᠤᠷᠪᠤᠯᠵᠢᠯᠠᠨ ᠤᠬᠠᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠨᠠᠮ ᠤᠨ ᠲᠥᠷᠥ ᠶᠢᠨ ᠪᠣᠳᠣᠯᠭ᠎ᠠ ᠶᠢᠨ | ᠠᠪᠴᠢᠷᠠᠭᠰᠠᠨ ᠲᠥᠬᠦᠮ ᠨᠥᠬᠦᠴᠡᠯ ᠢ ᠨᠠᠩ ᠰᠢᠭᠤᠳ ᠮᠡᠳᠡᠷᠡᠭᠦᠯᠵᠦ᠂ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ ᠰᠠᠭᠤᠭᠠᠯᠢ | ᠠᠷᠠᠳ ᠲᠤ ᠨᠠᠮ ᠤᠨ ᠠᠴᠢ ᠲᠤᠰᠠ ᠶᠢ ᠨᠠᠩ ᠰᠢᠭᠤᠳ ᠮᠡᠳᠡᠷᠡᠭᠦᠯᠵᠦ᠂ ᠡᠭᠦᠨ ᠤ ᠤᠯᠠᠮ ᠠᠴᠠ ᠥᠨᠥᠳᠦᠷ ᠤᠨ ᠵᠣᠯ ᠵᠢᠷᠭᠠᠯᠲᠤ ᠠᠮᠢᠳᠤᠷᠠᠯ ᠢᠶᠠᠨ ᠨᠠᠩ | ᠨᠠᠨᠳᠢᠩᠨᠠᠨ᠎ᠠ᠃ |