ᠠ ᠯᠢ ᠾᠧ ᠪᠠᠯᠭᠠᠰᠤᠨ ᠤ ᠯᠢᠨ ᠬᠠᠶ ᠨᠡᠶᠢᠭᠡᠮ ᠲᠣᠭᠤᠷᠢᠭ ︽ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠵᠢᠴᠢ ︽ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠡᠴᠦᠰ ᠤᠨ ᠨᠢᠭᠡ ᠮᠧᠲᠷ︾ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/28
    ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠠᠭᠤᠭᠠᠯᠢ ᠠᠷᠠᠳ ᠤᠨ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠲᠠᠨᠢᠨ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠠ ᠯᠢ ᠾᠧ ᠪᠠᠯᠭᠠᠰᠤᠨ ᠤ ᠯᠢᠨ ᠬᠠᠶ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ︽ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠡᠴᠦᠰ ᠤᠨ ᠨᠢᠭᠡ ᠮᠧᠲᠷ︾ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 11 ᠰᠦᠯᠵᠢᠶᠡᠨ ᠤ ᠤᠬᠠᠭᠤᠯᠤᠨ ᠲᠠᠶᠢᠯᠪᠤᠷᠢᠯᠠᠬᠤ ᠠᠩᠭᠢ ᠪᠠᠶᠢᠭᠤᠯᠵᠤ᠂ 200 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠣᠮᠢᠯᠠᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠤᠨ ᠬᠠᠮᠤᠷᠬᠤ ᠬᠡᠪᠴᠢᠶ᠎ᠡ ᠶᠢ ᠪᠥᠬᠦ ᠲᠠᠯ᠎ᠠ ᠪᠠᠷ ᠴᠢᠩᠭᠠᠳᠬᠠᠪᠠ᠃    ᠲᠣᠰ ᠤᠳᠠᠭᠠᠨ ᠤ ᠠᠵᠢᠯᠯᠠᠭ᠎ᠠ ᠶᠢ ᠭᠤᠤᠯᠳᠠᠭᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ ᠰᠤᠷᠪᠤᠯᠵᠢᠯᠠᠬᠤ ᠪᠠ ᠲᠠᠷᠬᠠᠭᠠᠬᠤ ᠬᠡᠯᠪᠡᠷᠢ ᠪᠠᠷ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠡᠲᠡᠭᠡᠳ ᠨᠢ ᠬᠠᠷᠢᠶᠠᠲᠤ ᠣᠷᠣᠨ ᠤ ᠭᠤᠤᠯᠳᠠᠯᠭ᠎ᠠ ᠲᠠᠢ ᠬᠥᠮᠦᠰ ᠪᠠ ᠬᠦᠴᠢᠷᠳᠡᠯᠲᠡᠶ ᠬᠥᠮᠦᠰ ᠪᠣᠯᠤᠨ᠎ᠠ᠃ ᠠᠶᠢᠯᠴᠢᠯᠠᠨ ᠰᠤᠷᠪᠤᠯᠵᠢᠯᠠᠬᠤ ᠦᠶ᠎ᠡ ᠳᠤ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠣᠯᠠᠨ ᠲᠦᠮᠡᠨ ᠤ ᠰᠡᠵᠢᠭᠯᠡᠯ ᠢ ᠢᠳᠡᠪᠬᠢᠲᠡᠶ ᠲᠠᠶᠢᠯᠵᠤ᠂ ᠣᠯᠠᠨ ᠲᠦᠮᠡᠨ ᠢ ᠬᠠᠪᠰᠤᠷᠤᠨ 2013 ᠤᠨ - 2023 ᠣᠨ ᠳᠤ ᠡᠷᠦᠬᠡ ᠪᠦᠷᠢ ᠳᠤ ᠨᠠᠮ ᠪᠠ ᠤᠯᠤᠰ ᠠᠴᠠ ᠣᠯᠭᠤᠭᠰᠠᠨ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠠᠷᠠᠳ ᠣᠯᠠᠨ ᠳᠤ ︽ᠠᠰᠢᠭ ᠬᠦᠷᠲᠡᠭᠡᠬᠦ︾ ᠬᠠᠮᠢᠭ᠎ᠠ ᠠᠴᠠ ᠢᠷᠡᠭᠰᠡᠨ ᠢ ᠮᠡᠳᠡᠭᠦᠯᠵᠦ᠂ ᠤᠯᠠᠨ ᠲᠦᠮᠡᠨ ᠳᠤ ᠨᠠᠮ ᠤᠨ ᠠᠴᠢ ᠶᠢ ᠮᠡᠳᠡᠵᠦ᠂ ᠨᠠᠮ ᠤᠨ ᠠᠴᠢ ᠶᠢ ᠰᠠᠶᠢᠨ ᠤᠩᠰᠢᠵᠤ᠂ ᠨᠠᠮ ᠤᠨ ᠡᠪ ᠬᠠᠮᠲᠤ ᠨᠠᠮ ᠪᠠ ᠤᠯᠤᠰ ᠤᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠬᠤᠪᠢᠷᠠᠯᠲᠠ᠂ ᠬᠥᠭᠵᠢᠯᠲᠡ ᠶᠢᠨ ᠦᠷ᠎ᠡ ᠪᠦᠲᠦᠭᠡᠯ ᠢ ᠮᠡᠳᠡᠷᠡᠭᠦᠯᠵᠦ᠂ ᠨᠠᠮ ᠪᠠ ᠤᠯᠤᠰ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠨ᠎ᠡ᠃    ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠨᠢ ᠬᠠᠶᠢᠷ᠎ᠠ ᠰᠡᠳᠬᠢᠯᠭᠡ ᠲᠠᠢ ᠬᠤᠯᠪᠤᠭᠳᠠᠨ᠎ᠠ᠃ ᠵᠠᠯᠭᠠᠭᠠᠳ᠂ ᠠ ᠯᠢ ᠾᠧ ᠪᠠᠯᠭᠠᠰᠤᠨ ᠤ ᠯᠢᠨ ᠬᠠᠶ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠬᠡᠷ ᠲᠤ ᠨᠠᠩ ᠦᠷᠭᠦᠯᠵᠢᠯᠡᠨ ᠭᠦᠨᠵᠡᠭᠡᠶᠢᠷᠡᠵᠦ᠂ ᠵᠣᠬᠢᠶᠠᠨ ᠪᠠᠶᠢᠭᠤᠯᠬᠤ ᠬᠡᠯᠪᠡᠷᠢ ᠶᠢᠨ ᠣᠯᠠᠨ ᠶᠠᠩᠵᠤ ᠶᠢᠨ ᠠᠵᠢᠯᠯᠠᠭ᠎ᠠ ᠪᠠᠷ ᠳᠠᠮᠵᠢᠭᠤᠯᠤᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠥᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠶ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠠᠩ ᠢᠯᠡᠭᠦᠤ ᠮᠡᠳᠡᠷᠡᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠬᠦ ᠶᠢ ᠴᠢᠷᠮᠠᠶᠢᠨ ᠠᠬᠢᠭᠤᠯᠬᠤ ᠪᠣᠯᠤᠨ᠎ᠠ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ