ᠣᠶᠢᠷ᠎ᠠ ᠳᠤ᠂ ᠵᠡᠮᠳᠡᠭ ᠬᠥᠮᠦᠨ ᠬᠤᠸᠠᠩ ᠳ᠋ᠠ ᠯᠢᠨ ᠠ ᠯᠢ ᠾᠧ ᠪᠠᠯᠭᠠᠰᠤᠨ ᠤ ᠺᠠᠩ ᠨᠢᠩ ᠨᠡᠶᠢᠭᠡᠮ ᠲᠣᠭᠤᠷᠢᠭ ᠲᠤ ᠬᠦᠷᠴᠦ᠂ ︽ᠠᠷᠠᠳ ᠤᠨ ᠲᠥᠯᠥᠭᠡ | ᠦᠨᠡᠨ ᠰᠡᠳᠬᠢᠯ ᠠᠴᠠ ᠪᠠᠨ ᠪᠣᠳᠠᠲᠠᠶ ᠠᠵᠢᠯ ᠬᠢᠵᠦ᠂ ᠠᠷᠠᠳ ᠤᠨ ᠵᠣᠪᠠᠨᠢᠯ ᠢ ᠠᠷᠢᠯᠭᠠᠭᠰᠠᠨ ᠬᠡᠮᠡᠷᠯᠢᠭ ᠲᠤᠭ︾ ᠢ ᠨᠡᠶᠢᠭᠡᠮ ᠲᠣᠭᠤᠷᠢᠭ ᠤᠨ ᠠᠵᠢᠯᠲᠠᠳ ᠲᠤ | ᠬᠦᠷᠭᠡᠵᠦ᠂ ᠨᠡᠶᠢᠭᠡᠮ ᠲᠣᠭᠤᠷᠢᠭ ᠤᠨ ᠲᠡᠭᠦᠨ ᠢ ᠬᠠᠯᠠᠮᠵᠢᠯᠠᠨ ᠬᠠᠪᠰᠤᠷᠤᠭᠰᠠᠨ ᠳᠤ ᠲᠠᠯᠠᠷᠬᠠᠬᠤ ᠰᠡᠳᠬᠢᠯᠭᠡ ᠪᠠᠨ ᠢᠯᠡᠳᠬᠡᠵᠦ᠂ ᠨᠠᠮ ᠪᠠ ᠵᠠᠰᠠᠭ ᠤᠨ ᠣᠷᠳᠣᠨ ᠳᠤ | ᠲᠠᠯᠠᠷᠬᠠᠬᠤ ᠰᠡᠳᠬᠢᠯᠭᠡ ᠶᠢ ᠨᠢ ᠢᠯᠡᠳᠬᠡᠪᠡ᠃ | ᠣᠶᠢᠷ᠎ᠠ ᠳᠤ ᠥᠷᠨᠢᠭᠦᠯᠦᠭᠰᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠳᠤᠮᠳᠠ᠂ ᠰᠦᠯᠵᠢᠶᠡᠨ ᠤ ᠠᠵᠢᠯᠲᠠᠨ ᠡᠷᠦᠬᠡ ᠳᠤ ᠣᠷᠣᠬᠤ ᠳᠠᠭᠠᠨ ᠣᠶᠢᠯᠠᠭᠠᠭᠰᠠᠨ ᠨᠢ᠄ ᠺᠠᠩ ᠲᠠᠢ ᠲᠣᠭᠤᠷᠢᠭ ᠤᠨ ᠰᠠᠭᠤᠭᠠᠯᠢ | ᠠᠷᠠᠳ ᠬᠤᠸᠠᠩ ᠳ᠋ᠠ ᠯᠢᠨ ᠮᠥᠴᠢ ᠵᠡᠮᠳᠡᠭ ᠬᠤᠶᠠᠳᠤᠭᠠᠷ ᠳᠡᠰ᠂ ᠬᠦᠦ ᠨᠢ ᠭᠠᠳᠠᠷ ᠣᠷᠣᠨ ᠳᠤ ᠠᠵᠢᠯᠯᠠᠵᠤ᠂ ᠨᠢᠭᠡ ᠬᠥᠮᠦᠨ ᠨᠢ ᠠᠮᠢᠳᠤᠷᠠᠵᠤ᠂ ᠬᠡᠷ ᠲᠤ ᠪᠠᠨ | ᠬᠥᠳᠡᠯᠵᠦ ᠪᠠᠷᠢᠬᠤ ᠳᠤ ᠭᠤᠤᠯᠳᠠᠭᠤ ᠬᠦᠷᠳᠦᠲᠦ ᠰᠠᠨᠳᠠᠯᠢ ᠶᠢ ᠣᠷᠣᠯᠠᠨ ᠠᠯᠬᠤᠬᠤ ᠳᠤ ᠲᠦᠰᠢᠭᠯᠡᠨ᠎ᠡ᠂ ᠬᠦᠷᠳᠦᠲᠦ ᠰᠠᠨᠳᠠᠯᠢ ᠨᠢ ᠣᠷᠳᠣ ᠬᠤᠭᠤᠴᠠᠭ᠎ᠠ ᠪᠠᠷ | ᠬᠡᠷᠡᠭᠯᠡᠬᠦ ᠳᠤ ᠬᠦᠨᠳᠦ ᠨᠣᠴᠢᠲᠠᠶ ᠡᠪᠳᠡᠭᠳᠡᠵᠦ ᠪᠠᠶᠢᠨ᠎ᠠ᠃ ᠨᠡᠶᠢᠭᠡᠮ ᠲᠣᠭᠤᠷᠢᠭ ᠤᠨ ᠱᠦᠵᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠵᠡᠮᠳᠡᠭᠴᠦᠳ ᠤᠨ | ᠬᠤᠯᠪᠣᠭ᠎ᠠ ᠲᠠᠢ ᠢᠳᠡᠪᠬᠢᠲᠡᠶ ᠪᠠᠷ ᠬᠠᠷᠢᠯᠴᠠᠵᠤ᠂ ᠲᠡᠭᠦᠨ ᠳᠤ ᠴᠣ᠋ ᠰᠢᠨ᠎ᠡ ᠬᠦᠷᠳᠦᠲᠦ ᠰᠠᠨᠳᠠᠯᠢ᠂ ᠨᠡᠶᠢᠭᠡᠮ ᠲᠣᠭᠤᠷᠢᠭ ᠠᠴᠠ ᠬᠤᠸᠠᠩ ᠳ᠋ᠠ ᠯᠢᠨ ᠢ ᠬᠠᠯᠠᠮᠵᠢᠯᠠᠵᠤ | ᠲᠡᠭᠦᠨ ᠢ ᠶᠡᠬᠡᠳᠡ ᠳᠣᠭᠳᠣᠯᠤᠭᠤᠯᠵᠠᠶ᠃ ᠡᠨᠡᠬᠦ ᠬᠡᠮᠡᠷᠯᠢᠭ ᠲᠤᠭ ᠨᠢ ᠵᠡᠮᠳᠡᠭ ᠬᠥᠮᠦᠨ ᠬᠤᠸᠠᠩ ᠳ᠋ᠠ ᠯᠢᠨ ᠤ ᠲᠠᠯᠠᠷᠬᠠᠯ ᠤᠨ ᠰᠡᠳᠬᠢᠯᠭᠡ ᠶᠢ ᠠᠭᠤᠯᠵᠤ ᠪᠠᠶᠢᠬᠤ ᠪᠠᠷ | ᠪᠠᠷᠠᠬᠤ ᠦᠭᠡᠢ᠂ ᠨᠡᠩ ᠴᠤ ᠨᠡᠶᠢᠭᠡᠮ ᠲᠣᠭᠤᠷᠢᠭ ᠤᠨ ᠠᠵᠢᠯ ᠢ ᠨᠤᠲᠠᠯᠠᠵᠤ ᠪᠠᠶᠢᠭ᠎ᠠ ᠶᠠᠪᠤᠳᠠᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠠ ᠯᠢ ᠾᠧ | ᠪᠠᠯᠭᠠᠰᠤᠨ ᠤ ᠺᠠᠩ ᠨᠢᠩ ᠨᠡᠶᠢᠭᠡᠮ ᠲᠣᠭᠤᠷᠢᠭ ᠤᠨ ᠬᠢᠨ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠨᠠᠮ ᠤᠨ | ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠠᠷᠠᠳ | ᠲᠦᠮᠡᠨ ᠳᠤ ᠦᠢᠯᠡᠴᠢᠯᠡᠬᠦ ᠪᠦᠬᠦ ᠶᠠᠪᠤᠴᠠ ᠳᠤ ᠲᠤᠤᠱᠯᠠᠭᠤᠯᠵᠤ᠂ ᠰᠠᠭᠤᠭᠠᠯᠢ ᠠᠷᠠᠳ ᠤᠨ ᠬᠡᠷᠡᠭᠴᠡᠭᠡ ᠳᠤ ᠰᠠᠭᠤᠷᠢᠯᠠᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ | ᠵᠦᠢᠯ ᠳᠤ ᠪᠠᠴᠢᠮᠳᠠᠵᠤ᠂ ᠤᠯᠠᠨ ᠲᠦᠮᠡᠨ ᠤ ᠬᠡᠷᠡᠭᠴᠡᠭᠡ ᠶᠢ ᠬᠠᠪᠰᠤᠷᠴᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠠᠵᠢᠯ ᠢ ᠦᠨᠡᠨᠬᠦ ᠪᠣᠳᠠᠲᠠᠢ ᠳᠤ | ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ︽ᠬᠠᠮᠠᠭᠠᠯᠠᠭᠴᠢ︾᠂ ︽ᠳᠣᠲᠣᠨᠣ ᠬᠥᠮᠦᠨ︾ ᠪᠣᠯᠬᠤ ᠬᠡᠷᠡᠭᠲᠡᠢ᠃ | |