︽ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠶᠢ ᠮᠡᠳᠡᠷᠡᠬᠦ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠠ ᠯᠢ ᠾᠧ ᠪᠠᠯᠭᠠᠰᠤ ︽ᠠᠷᠠᠳ ᠲᠤ ᠠᠰᠢᠭ ᠬᠦᠷᠲᠡᠭᠡᠬᠦ | ᠺᠠᠷᠲ ᠲᠠᠷᠬᠠᠭᠠᠵᠤ ᠵᠣᠯ ᠵᠢᠷᠭᠠᠯ ᠤᠨ ᠲᠠᠩᠰᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠠᠷᠠᠳ ᠲᠤ ᠠᠰᠢᠭ ᠬᠦᠷᠲᠡᠭᠡᠬᠦ ᠲᠦᠷᠦ ᠶᠢᠨ | ᠪᠤᠳᠤᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠬᠥᠮᠦᠰ ᠤᠨ ᠰᠡᠳᠬᠢᠯ ᠳᠤ | ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠪᠠ᠃ | ᠠᠵᠢᠯᠲᠠᠳ ᠠᠶᠢᠯ ᠡᠷᠦᠬᠡ ᠪᠠᠷ ᠬᠦᠷᠴᠦ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠭᠠᠷ ᠲᠤ ᠣᠷᠣᠭᠤᠯᠤᠭᠰᠠᠨ ᠪᠥᠭᠡᠳ | ᠲᠡᠭᠦᠨ ᠳᠤ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ︽ᠠᠷᠠᠳ ᠤᠨ ᠠᠰᠢᠭ ᠬᠦᠷᠲᠡᠭᠡᠬᠦ ᠺᠠᠷᠲ︾ | ᠲᠠᠢ ᠪᠣᠯᠵᠠᠢ᠂ ᠡᠭᠦᠨ ᠤ ᠳᠡᠭᠡᠷ᠎ᠡ ᠠᠵᠢᠯᠲᠠᠳ ᠤᠨ ᠨᠠᠷᠢᠨ ᠲᠣᠳᠣᠷᠬᠠᠶ ᠲᠠᠶᠢᠯᠪᠤᠷᠢᠯᠠᠯᠲᠠ ᠶᠢ ᠬᠢᠵᠦ᠂ ᠰᠠᠭᠤᠭᠠᠯᠢ ᠠᠷᠠᠳ ᠣᠯᠠᠨ ᠳᠤ ᠨᠠᠮ ᠤᠨ ᠡᠯ᠎ᠡ ᠵᠦᠢᠯ ᠤᠨ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠬᠤ ᠶᠢᠨ ᠬᠠᠮᠲᠤ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠴᠤ ᠠᠬᠢᠭᠤᠯᠤᠭᠰᠠᠨ ᠪᠠᠶᠢᠨ᠎ᠠ᠃ ᠳᠠᠷᠠᠭ᠎ᠠ ᠨᠢ᠂ ᠠᠵᠢᠯᠲᠠᠳ ᠬᠠᠷᠢᠶ᠎ᠠ ᠣᠷᠣᠨ ᠤ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠷᠦᠬᠡ᠂ ᠥᠨᠳᠥᠷ ᠨᠠᠰᠤᠲᠠᠶ ᠨᠠᠰᠤᠲᠠᠶᠢᠴᠤᠳ ᠵᠢᠴᠢ ᠣᠨᠴᠠᠭᠠᠶ ᠬᠥᠮᠦᠰ ᠤᠨ ᠬᠡᠷ ᠲᠤ ᠬᠦᠷᠴᠦ᠂ ︽ᠵᠣᠯ ᠵᠢᠷᠭᠠᠯ ᠤᠨ ᠲᠠᠩᠰᠠ︾ ᠶᠢ ᠰᠠᠶᠢᠲᠤᠷ | ᠪᠤᠳᠤᠵᠤ ᠥᠭᠬᠦ ᠶᠢᠨ ᠬᠠᠮᠲᠤ ᠬᠠᠮᠢᠶ᠎ᠠ ᠪᠥᠬᠦᠶ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠮᠠᠳᠠᠭ ᠲᠠᠢ | ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠪᠡ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠨᠠᠮ ᠪᠠ ᠤᠯᠤᠰ ᠤᠨ ᠬᠠᠶᠢᠷ᠎ᠠ ᠬᠠᠯᠠᠮᠵᠢ ᠶᠢ ᠪᠡᠶ᠎ᠡ ᠪᠠᠷ ᠢᠶᠠᠨ ᠮᠡᠳᠡᠷᠡᠭᠦᠯᠪᠡ᠃ | ᠳᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠨᠡᠩ ᠤᠯᠠᠨ ᠰᠠᠶᠢᠨ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠳᠤ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠯᠠᠨ ᠢ ᠦᠨᠡᠨ | ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ | ᠳᠠᠭᠠᠬᠤ ᠪᠠᠷ ᠴᠢᠷᠮᠠᠶᠢᠨ᠎ᠠ᠃ | |