︽ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠶᠠᠪᠤᠴᠠ ᠳᠠᠬᠢ ᠠᠷᠠᠳ ᠤᠨ | ᠡᠶᠡᠳᠡᠭᠦᠯᠭᠡ ᠶᠢᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ | ᠰᠡᠷᠭᠡᠶᠢᠯᠡᠵᠦ ᠡᠶᠡᠳᠡᠭᠦᠯᠦᠨ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠥᠯᠥᠭᠡ᠃ ᠣᠶᠢᠷ᠎ᠠ ᠳᠤ᠂ ᠵᠢᠶ ᠸᠧᠨ ᠪᠠᠯᠭᠠᠰᠤᠨ ᠤ | ᠬᠠᠤᠯᠢ ᠴᠠᠭᠠᠵᠠ ᠶᠢᠨ ᠭᠠᠵᠠᠷ ᠠᠷᠠᠳ ᠤᠨ ᠡᠶᠡᠳᠡᠭᠦᠯᠭᠡ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠡᠯ᠎ᠡ ᠨᠡᠶᠢᠭᠡᠮ ᠲᠣᠭᠤᠷᠢᠭ ᠤᠨ ᠡᠶᠡᠳᠡᠭᠦᠯᠦᠭᠴᠢ᠂ ︽ᠬᠠᠤᠯᠢ | ᠴᠠᠭᠠᠵᠠ ᠶᠢᠨ ᠲᠣᠳᠣᠷᠬᠠᠶ ᠬᠥᠮᠦᠨ︾ ᠢ ᠪᠣᠯᠪᠠᠰᠤᠷᠠᠭᠤᠯᠵᠤ ᠡᠶᠡᠳᠡᠭᠦᠯᠬᠦ ᠤᠷ᠎ᠠ ᠮᠡᠷᠭᠡᠵᠢᠯ ᠪᠠ ᠡᠶᠡᠳᠡᠭᠦᠯᠬᠦ ᠠᠷᠭ᠎ᠠ ᠬᠢᠪᠠ᠃ | ᠪᠣᠯᠪᠠᠰᠤᠷᠠᠯ ᠤᠨ ᠬᠤᠷᠠᠯ ᠳᠡᠭᠡᠷ᠎ᠡ᠂ ᠤᠬᠠᠭᠤᠯᠤᠨ ᠲᠠᠶᠢᠯᠪᠤᠷᠢᠯᠠᠭᠴᠢ ᠡᠶᠡᠳᠡᠭᠦᠯᠬᠦ ᠶᠢᠨ ᠤᠬᠠᠭᠳᠠᠬᠤᠨ ᠵᠢᠴᠢ ᠴᠢᠬᠤᠯᠠ ᠴᠢᠨᠠᠷ ᠠᠴᠠ ᠡᠭᠦᠰᠴᠦ᠂ ᠡᠶᠡᠳᠡᠭᠦᠯᠬᠦ | ᠭᠤᠷᠪᠠᠨ ᠶᠡᠭᠡ ᠵᠠᠷᠴᠢᠮ ᠲᠠᠢ ᠤᠶᠠᠯᠳᠤᠭᠤᠯᠤᠨ᠂ ᠠᠷᠠᠳ ᠤᠨ ᠡᠶᠡᠳᠡᠭᠦᠯᠭᠡ ᠪᠠᠷ ᠬᠠᠷᠠᠭᠠᠰᠤ ᠪᠣᠯᠭᠠᠵᠤ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠣᠷᠤᠭ ᠭᠡᠷ | ᠪᠦᠯᠢ ᠶᠢᠨ ᠵᠢᠭᠤᠷᠠᠯᠳᠤᠭᠠᠨ ᠢ ᠲᠣᠰ ᠲᠣᠰ ᠲᠠᠶᠢᠯᠪᠤᠷᠢᠯᠠᠨ ᠶᠠᠷᠢᠵᠤ᠂ ᠡᠶᠡᠳᠡᠭᠦᠯᠭᠡ ᠬᠢᠵᠦ ᠣᠷᠣᠭᠤᠯᠬᠤ᠂ ᠠᠰᠠᠭᠤᠳᠠᠯ ᠢ ᠲᠣᠭᠠᠴᠢᠬᠤ᠂ ᠵᠥᠪᠳᠡᠯᠴᠡᠨ | ᠰᠢᠢᠳᠪᠦᠷᠢᠯᠡᠬᠦ᠂ ᠬᠡᠯᠡᠯᠴᠡᠭᠡᠷ ᠲᠣᠭᠲᠠᠬᠤ ᠵᠡᠷᠭᠡ ᠱᠠᠲᠤᠨ ᠳᠤ ᠠᠮᠠᠷᠬᠠᠨ ᠣᠮᠲᠣᠭᠠᠶᠢᠯᠠᠬᠤ ᠠᠰᠠᠭᠤᠳᠠᠯ ᠪᠠ ᠬᠠᠷᠠᠭᠠᠯᠵᠠᠭᠰᠠᠨ ᠠᠷᠭ᠎ᠠ ᠪᠣᠳᠣᠯᠭ᠎ᠠ ᠶᠢ ᠨᠠᠷᠢᠨ | ᠲᠠᠶᠢᠯᠪᠤᠷᠢᠯᠠᠵᠤ᠂ ᠰᠣᠩᠭᠤᠳᠠᠭ ᠬᠡᠷᠡᠭ ᠤᠨ ᠵᠢᠱᠢᠶ᠎ᠡ ᠳᠠᠬᠢ ᠡᠶᠡᠳᠡᠭᠦᠯᠬᠦ ᠰᠡᠳᠬᠢᠴᠡ ᠪᠠ ᠡᠶᠡᠳᠡᠭᠦᠯᠬᠦ ᠠᠷᠭ᠎ᠠ ᠶᠢ ᠨᠠᠷᠢᠨ ᠲᠠᠶᠢᠯᠪᠤᠷᠢᠯᠠᠭᠰᠠᠨ ᠪᠥᠭᠡᠳ ᠦᠷᠭᠦᠯᠵᠢ | ᠲᠣᠬᠢᠶᠠᠯᠳᠤᠳᠠᠭ ᠬᠡᠷᠡᠭ ᠤᠨ ᠲᠥᠷᠥᠯ ᠬᠡᠯᠪᠡᠷᠢ ᠶᠢᠨ ᠡᠶᠡᠳᠡᠭᠦᠯᠬᠦ ᠬᠡᠪ ᠵᠠᠭᠪᠤᠷ ᠢ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠵᠢᠢ ᠸᠧᠨ ᠪᠠᠯᠭᠠᠰᠤ ︽ | ᠡᠮᠦᠨ᠎ᠡ ᠦᠵᠦᠭᠦᠷ ᠢ ᠠᠳᠬᠤᠵᠤ᠂ ᠡᠪᠡᠳᠴᠢᠯᠡᠬᠦ ᠠᠴᠠ ᠡᠮᠦᠨ᠎ᠡ ᠵᠠᠰᠠᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠵᠠᠷᠭᠤ ᠶᠢᠨ ᠪᠤᠰᠤ ᠵᠢᠭᠤᠷᠠᠯᠳᠤᠭᠠᠨ ᠢ | ᠰᠢᠢᠳᠪᠦᠷᠢᠯᠡᠬᠦ ᠲᠣᠭᠲᠠᠴᠠ ᠶᠢ ᠲᠡᠷᠢᠭᠦᠨ ᠳᠤ ᠲᠠᠯᠪᠢᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠤ ᠢᠳᠡᠪᠬᠢᠲᠡᠢ ᠠᠭᠤᠰᠤᠯᠴᠠᠵᠤ᠂ | ᠬᠠᠷᠢᠶ᠎ᠠ ᠣᠷᠣᠨ ᠤ ᠵᠠᠰᠠᠭ ᠤᠨ ᠣᠷᠳᠣᠨ᠂ ᠲᠣᠮᠢᠯᠠᠭᠰᠠᠨ ᠰᠠᠯᠪᠤᠷᠢ ᠵᠡᠷᠭᠡ ᠨᠢᠭᠡᠴᠡ ᠲᠠᠢ ︽ᠢᠯᠡᠭᠦᠬᠡᠨ ᠨᠡᠪᠲᠡᠷᠡᠯᠴᠡᠵᠦ᠂ ᠢᠯᠡᠭᠦᠬᠡᠨ ᠰᠣᠯᠢᠯᠴᠠᠵᠤ᠂ ᠢᠯᠡᠭᠦᠬᠡᠨ | ᠬᠥᠳᠡᠯᠦᠯᠴᠡᠵᠦ︾᠂ ᠠᠷᠠᠳ ᠤᠨ ᠡᠶᠡᠳᠡᠭᠦᠯᠭᠡ ᠶᠢ ᠵᠢᠯᠣᠭᠤᠳᠬᠤ ᠬᠠᠤᠯᠢ ᠪᠠᠷ ᠲᠣᠭᠲᠠᠭᠠᠭᠰᠠᠨ ᠡᠭᠦᠷᠭᠡ ᠴᠢᠳᠠᠪᠤᠷᠢ ᠶᠢ ᠰᠠᠶᠢᠲᠤᠷ ᠭᠦᠢᠴᠡᠳᠬᠡᠵᠦ᠂ ᠬᠠᠷᠢᠶ᠎ᠠ | ᠣᠷᠣᠨ ᠤ ᠦᠨᠳᠦᠰᠦᠨ ᠱᠠᠲᠤᠨ ᠤ ᠵᠠᠰᠠᠯᠲᠠ ᠳᠤ ᠴᠢᠩᠭ᠎ᠠ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃ | |