ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠤᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠪᠠᠯᠭᠠᠰᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 19 ᠤ ᠡᠳᠦᠷ᠂ ᠢ ᠯᠢ ᠪᠠᠯᠭᠠᠰᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠡᠷᠭᠢᠯᠡᠵᠦ᠂ | ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠳ᠋ᠠ ᠶᠠᠩ ᠱᠤ᠋ ᠣᠶ ᠰᠢᠭᠤᠶ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ ᠴᠢᠦᠶ ᠷᠦᠩ ᠬᠦᠶ᠂ ᠢ ᠯᠢ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠪᠢᠶᠠᠷᠢ | ᠺᠣᠮᠫᠠᠨᠢ᠂ ᠨᠣᠮᠢᠨ ᠭᠤᠤᠯ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠪᠢᠶᠠᠷᠢ ᠺᠣᠮᠫᠠᠨᠢ ᠶᠢᠨ ᠬᠠᠮᠢᠶ᠎ᠠ ᠪᠥᠬᠦᠶ ᠬᠥᠮᠦᠰ᠂ ᠡᠯ᠎ᠡ ᠣᠶ ᠰᠢᠭᠤᠶ ᠶᠢᠨ ᠲᠠᠯᠠᠪᠠᠶ ᠪᠠ | ᠬᠠᠮᠢᠶᠠᠷᠤᠯᠲᠠ ᠶᠢᠨ ᠲᠣᠭᠤᠷᠢᠭ ᠤᠨ ᠬᠠᠷᠢᠭᠤᠴᠠᠯᠭᠠᠲᠠᠨ᠂ ᠪᠠᠯᠭᠠᠰᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠨ ᠵᠢᠴᠢ ᠡᠯ᠎ᠡ ᠲᠣᠰᠬᠤᠨ ︵ᠨᠡᠶᠢᠭᠡᠮ | ᠲᠣᠭᠤᠷᠢᠭ︶ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠶ᠃ | ᠬᠤᠷᠠᠯ ᠠᠴᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠮᠠᠨ ᠤ ᠪᠠᠯᠭᠠᠰᠤᠨ ᠤ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ | ᠳᠣᠭᠢᠷᠠᠭᠤᠯᠤᠨ ᠪᠠᠶᠢᠷᠢᠯᠠᠭᠤᠯᠤᠭᠰᠠᠨ ᠪᠥᠭᠡᠳ ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃ | ᠬᠤᠷᠠᠯ ᠠᠴᠠ ᠱᠠᠭᠠᠷᠳᠠᠭᠰᠠᠨ ᠨᠢ᠄ ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠰᠡᠷᠭᠡᠶᠢᠯᠡᠬᠦ ᠪᠠᠷ ᠭᠤᠣᠯ | ᠪᠣᠯᠭᠠᠬᠤ ᠶᠢ ᠪᠠᠷᠢᠮᠲᠠᠯᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠤᠶᠠᠷ ᠲᠤ᠂ ᠤᠢ ᠰᠢᠭᠤᠢ | ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠵᠤ ᠤᠨᠳᠠᠷᠠᠭᠠᠬᠤ ᠠᠵᠢᠯ ᠢ ᠰᠠᠶᠢᠳᠤᠷ ᠠᠳᠬᠤᠬᠤ ᠬᠡᠷᠡᠭᠳᠡᠢ᠃ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ | ᠰᠢᠭᠤᠶᠢᠲᠤ ᠣᠷᠣᠨ ᠤ ᠲᠠᠷᠢᠶᠠᠯᠠᠬᠤ ᠣᠷᠣᠨ ᠤ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ᠂ ᠠᠷᠠᠳ ᠤᠨ ᠵᠠᠩ ᠳᠠᠳᠬᠠᠯ ᠳᠤ ᠭᠠᠯ ᠬᠡᠷᠡᠭᠯᠡᠬᠦ᠂ ᠦᠢᠯᠡᠳᠪᠦᠷᠢᠯᠡᠯ | ᠠᠮᠢᠳᠤᠷᠠᠯ ᠳᠤ ᠭᠠᠯ ᠬᠡᠷᠡᠭᠯᠡᠬᠦ ᠶᠠᠪᠤᠳᠠᠯ ᠢᠯᠡᠳᠲᠡ ᠨᠡᠮᠡᠭᠳᠡᠵᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠤᠷᠢᠳᠴᠢᠯᠠᠨ | ᠰᠡᠷᠡᠮᠵᠢᠯᠡᠭᠦᠯᠵᠦ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ ᠭᠤᠷᠪᠠ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ᠃ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠭᠠᠯ ᠤᠨᠲᠠᠷᠠᠭᠠᠬᠤ ᠬᠠᠤᠯᠢ︾᠂ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠪᠠᠷ ᠭᠤᠤᠯᠳᠠᠯᠭ᠎ᠠ ᠪᠣᠯᠭᠠᠵᠤ᠂ ᠤᠬᠠᠭᠤᠯᠭ᠎ᠠ ᠶᠢᠨ | ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠶᠤᠯ ᠥᠬᠡᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | |