ᠣᠶᠢᠷ᠎ᠠ ᠳᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠂ ᠲᠣᠪᠴᠢᠶᠠᠨ ᠳᠠᠷᠤᠭ᠎ᠠ ᠠᠯᠢᠨ᠎ᠠ ᠨᠠᠷ ᠠ ᠯᠢ ᠾᠧ ᠪᠠᠯᠭᠠᠰᠤᠨ ᠳᠤ ᠭᠦᠨᠵᠡᠭᠡᠶᠢᠷᠡᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ︽ᠨᠠᠢᠮᠠ ᠶᠢ | ᠨᠠᠢᠮᠠᠵᠢᠭᠤᠯᠬᠤ︾ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠪᠠ ᠵᠢᠯᠣᠭᠤᠳᠣᠯᠭ᠎ᠠ ᠬᠢᠪᠠ᠃ | ᠲᠤᠬᠠᠶ ᠶᠢᠨ ᠲᠠᠯᠠᠪᠠᠶ ᠳᠤ ᠠ ᠯᠢ ᠾᠧ ᠪᠠᠯᠭᠠᠰᠤᠨ ᠤ ︽ᠨᠠᠢᠮᠠ ᠶᠢ ᠨᠠᠢᠮᠠᠵᠢᠭᠤᠯᠬᠤ︾ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢᠨ ᠠᠵᠢᠯ ᠢ ᠦᠵᠡᠭᠰᠡᠨ | ᠪᠥᠭᠡᠳ ᠥᠪᠡᠷᠲᠡᠭᠡᠨ ᠵᠠᠰᠠᠬᠤ ᠣᠷᠣᠨ ᠤ ᠦᠨᠡᠯᠡᠵᠦ ᠰᠢᠯᠭᠠᠨ ᠠᠪᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠠ ᠯᠢ ᠾᠧ ᠶᠢᠨ ᠠᠵᠢᠯᠲᠠᠨ ᠤ ᠲᠣᠬᠢᠷᠠᠭᠤᠯᠤᠯᠲᠠ᠂ | ᠬᠠᠮᠢᠶᠠᠷᠤᠯᠲᠠ ᠶᠢᠨ ᠲᠦᠷᠢᠮ᠂ ᠲᠤᠭ᠎ᠠ ᠪᠦᠷᠢᠳᠬᠡᠯ ᠤᠨ ᠡᠬᠡ ᠲᠠᠩᠰᠠ᠂ ᠲᠠᠩᠰᠠ ᠡᠪᠬᠡᠮᠡᠯ ᠤᠨ ᠳᠣᠲᠣᠷᠠᠬᠢ ᠦᠢᠯᠡᠰ ᠵᠡᠷᠭᠡ ᠲᠠᠯ᠎ᠠ ᠪᠠᠷ ᠪᠥᠬᠦ ᠲᠠᠯ᠎ᠠ ᠪᠠᠷ ᠨᠠᠷᠢᠨ | ᠨᠢᠮᠪᠠᠶ ᠬᠠᠷᠢᠴᠠᠭᠤᠯᠤᠨ ᠪᠠᠶᠢᠴᠠᠭᠠᠭᠰᠠᠨ ᠪᠥᠭᠡᠳ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ ᠵᠢᠭᠠᠵᠤ ᠭᠠᠷᠭᠠᠪᠠ᠃ | ᠳᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ︽ᠨᠠᠢᠮᠠ ᠶᠢ ᠨᠠᠢᠮᠠᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠦᠷᠭᠦᠯᠵᠢᠯᠡᠨ | ᠠᠬᠢᠭᠤᠯᠵᠤ᠂ ᠰᠤᠮᠤ ᠰᠢᠶᠠᠩ ᠪᠠᠯᠭᠠᠰᠤ ᠶᠢᠨ ︽ᠨᠠᠢᠮᠠ ᠶᠢ ᠨᠠᠢᠮᠠᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ | ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠠᠮᠵᠢᠯᠲᠠ | ᠣᠯᠬᠤ ᠶᠢ ᠠᠬᠢᠭᠤᠯᠤᠨ᠎ᠠ᠃ | |