︽ᠭᠠᠯ ᠤᠨᠲᠠᠷᠠᠭᠠᠬᠤ ᠤᠬᠠᠭᠤᠯᠭ᠎ᠠ ᠶᠢ ᠴᠢᠩᠭᠠᠳᠬᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠶ᠎ᠡ︾ - ᠠ ᠯᠢ ᠾᠧ ᠪᠠᠯᠭᠠᠰᠤ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/28
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠲᠠᠭᠤᠨ ᠰᠠᠶᠢᠨ ᠰᠠᠶᠢᠬᠠᠨ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠠ ᠯᠢ ᠾᠧ ᠪᠠᠯᠭᠠᠰᠤ ︽ᠭᠠᠯ ᠤᠨᠲᠠᠷᠠᠭᠠᠬᠤ ᠤᠬᠠᠭᠤᠯᠭ᠎ᠠ ᠶᠢ ᠴᠢᠩᠭᠠᠳᠬᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠵᠣᠷᠢᠭᠲᠠᠶ ᠪᠠᠷ ᠡᠭᠦᠷᠭᠡᠯᠡᠬᠦ︾ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠲᠠᠳ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠶᠢᠨ ᠠᠩᠬᠠᠷᠬᠤ ᠵᠦᠢᠯᠡᠰ ᠪᠠ ᠬᠡᠷᠬᠢᠨ ᠵᠥᠪ ᠤᠲᠠᠰᠤ᠂ ᠭᠠᠯ ᠤᠨ ᠲᠠᠯᠠᠪᠤᠷ ᠠᠴᠠ ᠠᠮᠢ ᠵᠢᠭᠤᠲᠠᠵᠤ ᠥᠪᠡᠷ ᠢ ᠪᠠᠨ ᠠᠪᠤᠷᠠᠬᠤ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠢ ᠰᠢᠢᠳᠪᠦᠷᠢᠯᠡᠬᠦ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠰᠠᠭᠤᠭᠠᠯᠢ ᠠᠷᠠᠳ ᠲᠤ ᠭᠡᠷ ᠪᠦᠯᠢ ᠶᠢᠨ ᠴᠠᠬᠢᠯᠭᠠᠨ ᠱᠤᠭᠤᠮ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠡᠦᠬᠡᠳ ᠢ ᠭᠠᠯ ᠨᠠᠭᠠᠳᠬᠤ ᠦᠭᠡᠢ ᠪᠠᠶᠢᠬᠤ ᠶᠢ ᠰᠠᠨᠠᠭᠤᠯᠵᠤ᠂ ᠡᠩ ᠤᠨ ᠦᠶ᠎ᠡ ᠳᠤ ᠭᠠᠯ ᠤᠨ ᠠᠶᠤᠯ ᠢ ᠠᠮᠢ ᠵᠢᠭᠤᠲᠠᠬᠤ ᠦᠨᠳᠦᠰᠦᠨ ᠠᠷᠭ᠎ᠠ ᠶᠢ ᠤᠢᠢᠯᠠᠭᠠᠨ ᠡᠵᠡᠮᠰᠢᠵᠦ᠂ ᠰᠠᠭᠤᠭᠠᠯᠢ ᠠᠷᠠᠳ ᠲᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠠᠯ ᠰᠡᠷᠭᠡᠶᠢᠯᠡᠬᠦ ᠠᠮᠢ ᠵᠢᠭᠤᠲᠠᠬᠤ ᠮᠡᠳᠡᠯᠭᠡ ᠶᠢ ᠦᠨᠡᠨᠬᠦ ᠡᠵᠡᠮᠰᠢᠭᠦᠯᠪᠡ᠃    ᠡᠭᠦᠨ ᠠᠴᠠ ᠭᠠᠳᠠᠨ᠎ᠠ᠂ ᠡᠯᠧᠺᠳ᠋ᠷᠣᠨ ᠳᠡᠯᠭᠡᠴᠡ᠂ ᠸᠢᠴᠠᠲ ᠤᠨ ᠴᠤᠭᠯᠠᠷᠠᠯ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠭᠠᠯ ᠰᠡᠷᠭᠡᠶᠢᠯᠡᠬᠦ ᠤᠬᠠᠭᠤᠯᠭ᠎ᠠ ᠬᠢᠪᠡ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠠ ᠯᠢ ᠾᠧ ᠪᠠᠯᠭᠠᠰᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠨᠡᠪᠴᠢᠭᠦᠯᠬᠦ ᠪᠠᠷ ᠴᠢᠷᠮᠠᠶᠢᠵᠤ᠂ ᠥᠷᠭᠡᠨ ᠣᠯᠠᠨ ᠠᠷᠠᠳ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠩᠭᠤᠶ ᠰᠢᠶᠠᠩ ᠪᠠᠯᠭᠠᠰᠤ ᠶᠢ ᠬᠠᠮᠲᠤ ᠪᠠᠷ ᠪᠠᠶᠢᠭᠤᠯᠤᠨ᠎ᠠ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ