ᠵᠢᠢ ᠸᠧᠨ ᠪᠠᠯᠭᠠᠰᠤ᠄ ᠪᠥᠬᠦ ᠠᠷᠠᠳ ᠤᠨ ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/28
    ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ︽ᠢᠯᠡᠭᠦᠬᠡᠨ ᠨᠣᠮ ᠤᠩᠰᠢᠬᠤ᠂ ᠰᠠᠶᠢᠨ ᠨᠣᠮ ᠤᠩᠰᠢᠬᠤ᠂ ᠨᠣᠮ ᠤᠩᠰᠢᠬᠤ︾ ᠪᠥᠬᠦ ᠠᠷᠠᠳ ᠤᠨ ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 20 ᠤ ᠡᠳᠦᠷ᠂ ᠵᠢᠶ ᠸᠧᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠰᠣᠨᠢᠷᠬᠠᠯ ᠲᠠᠢ ᠨᠣᠮ ᠪᠢᠴᠢᠭ ᠢ ᠰᠣᠩᠭᠤᠨ ᠲᠤᠬᠠᠢ ᠶᠢᠨ ᠲᠠᠯᠠᠪᠠᠢ ᠳᠤ ᠤᠩᠰᠢᠵᠤ᠂ ᠤᠩᠰᠢᠯᠭ᠎ᠠ ᠶᠢᠨ ᠣᠯᠤᠯᠲᠠ ᠲᠦᠷᠦᠭᠳᠡᠯ ᠢᠶᠠᠨ ᠬᠠᠮᠲᠤᠪᠠᠷ ᠡᠳ᠋ᠯᠡᠵᠦ᠂ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠣᠮ ᠪᠢᠴᠢᠭ ᠤᠨ ᠡᠷᠬᠢᠮ ᠨᠠᠨᠳᠢᠨ ᠪᠠ ᠤᠩᠰᠢᠯᠭ᠎ᠠ ᠶᠢᠨ ᠠᠰᠢᠭ ᠲᠤᠰᠠ ᠶᠢ ᠰᠤᠳᠤᠯᠤᠨ ᠶᠠᠷᠢᠯᠴᠠᠪᠠ᠃ ᠡᠭᠦᠨ ᠤ ᠬᠠᠮᠲᠤ᠂ ᠬᠠᠷᠢᠯᠴᠠᠨ ᠮᠡᠳᠡᠬᠦ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢᠶᠠᠨ ᠰᠣᠯᠢᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠭᠦᠨᠵᠡᠭᠡᠢ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠲᠣᠰ ᠤᠳᠠᠭᠠᠨ ᠤ ᠤᠩᠰᠢᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠤ ᠤᠩᠰᠢᠯᠭ᠎ᠠ ᠶᠢᠨ ᠤᠷᠮ᠎ᠠ ᠪᠠᠬ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠢᠳᠡᠪᠬᠢᠲᠡᠶ ᠥᠭᠡᠳᠡᠷᠬᠡᠭ ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠵᠢᠢ ᠸᠧᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠵᠤ᠂ ᠪᠦᠬᠦ ᠠᠷᠠᠳ ᠢᠶᠠᠷ ᠢᠶᠠᠨ ᠰᠢᠨ᠎ᠡ ᠬᠡᠪ ᠰᠤᠷᠲᠠᠯ ᠢ ᠶᠡᠬᠡᠪᠡᠷ ᠰᠠᠨᠠᠭᠠᠴᠢᠯᠠᠨ᠎ᠠ᠃
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ