ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠪᠠᠯᠭᠠᠰᠤᠨ ᠤ ᠬᠠᠪᠤᠷ ᠤᠨ ᠤᠯᠠᠷᠢᠯ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃ ᠣᠶᠢᠷ᠎ᠠ ᠳᠤ᠂ ᠠ ᠯᠢ ᠾᠧ ᠪᠠᠯᠭᠠᠰᠤ | 2024 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ | ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠡᠷᠬᠢᠯᠡᠪᠡ᠃ | ᠬᠤᠷᠠᠯ ᠳᠡᠭᠡᠷ᠎ᠡ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ | ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠬᠠᠷᠢᠶᠠᠲᠤ ᠣᠷᠣᠨ ᠤ 2023 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠳᠠᠷᠠᠭ᠎ᠠ ᠨᠢ᠂ ᠪᠠᠯᠭᠠᠰᠤᠨ ᠤ ᠵᠠᠰᠠᠭ ᠤᠨ ᠣᠷᠳᠣᠨ ᠬᠠᠷᠢᠶᠠᠲᠤ ᠣᠷᠣᠨ ᠤ ᠡᠯ᠎ᠡ ᠲᠣᠰᠬᠤᠨ᠂ ᠨᠡᠶᠢᠭᠡᠮ ᠲᠣᠭᠤᠷᠢᠭ ᠲᠠᠢ ︽ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃ | ᠬᠤᠷᠠᠯ ᠠᠴᠠ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠭᠤᠭᠴᠤᠭ᠎ᠠ | ᠪᠣᠯᠤᠨ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠬᠤᠷᠠᠯ ᠠᠴᠠ᠂ ᠬᠤᠷᠢᠭ᠎ᠠ ᠱᠤᠭᠤᠮ ᠤᠨ ᠰᠡᠳᠬᠢᠬᠦᠢ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠲᠤᠯᠭᠠᠷᠠᠵᠤ ᠪᠠᠶᠢᠭ᠎ᠠ ᠬᠦᠨᠳᠦ ᠨᠣᠴᠢᠲᠠᠢ | ᠪᠠᠶᠢᠳᠠᠯ ᠪᠣᠯᠤᠨ ᠣᠷᠣᠰᠢᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠵᠢᠴᠢ ᠳᠤᠲᠠᠭᠤᠳᠠᠯ ᠠᠰᠠᠭᠤᠳᠠᠯ ᠢ ᠰᠡᠷᠭᠡᠭ ᠢᠶᠠᠷ ᠲᠠᠨᠢᠵᠤ᠂ ︽ᠭᠤᠷᠪᠠ ᠶᠢ ᠦᠯᠦ | ᠭᠠᠷᠭᠠᠬᠤ︾ ᠬᠤᠷᠢᠭ᠎ᠠ ᠱᠤᠭᠤᠮ ᠤᠨ ᠬᠠᠷᠠᠯᠲᠠ ᠶᠢ ᠡᠷᠡᠰ ᠰᠠᠬᠢᠬᠤ ᠬᠡᠷᠡᠭᠲᠡᠢ᠃ ᠮᠡᠳᠡᠭᠦᠯᠦᠨ ᠵᠥᠪᠰᠢᠶᠡᠷᠡᠭᠦᠯᠵᠦ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ | ᠬᠡᠷᠡᠭᠵᠢᠭᠦᠯᠵᠦ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠨᠡᠮᠯᠡᠯ ᠤᠨ ᠲᠦᠷᠢᠮ ᠢ ᠴᠢᠩᠭ᠎ᠠ ᠬᠡᠷᠡᠭᠵᠢᠭᠦᠯᠦᠨ᠂ ᠵᠣᠷᠢᠭᠤᠳᠠ ᠶᠢᠨ ᠭᠠᠯ ᠤᠨ ᠠᠶᠤᠯ ᠤᠨ ᠲᠦᠭᠰᠢᠭᠦᠷᠢ ᠶᠢ | ᠪᠦᠲᠦᠮᠵᠢᠲᠡᠶ ᠪᠠᠭᠤᠷᠠᠭᠤᠯᠵᠤ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠩᠨᠡᠭᠡ᠂ ᠲᠣᠨᠣᠭᠯᠠᠯ ᠤᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠭᠠᠴᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ | ᠠᠯᠬᠤᠮ ᠨᠠᠷᠢᠯᠢᠬᠵᠢᠭᠤᠯᠤᠨ᠎ᠠ᠃ ᠡᠭᠦᠨ ᠤ ᠬᠠᠮᠲᠤ ᠭᠠᠯ ᠰᠡᠷᠭᠡᠶᠢᠯᠡᠬᠦ ᠤᠬᠠᠭᠤᠯᠭ᠎ᠠ ᠶᠢ ᠦᠨᠡᠨᠬᠦ ᠰᠠᠶᠢᠲᠤᠷ ᠬᠢᠵᠦ᠂ ᠭᠤᠣᠯᠳᠠᠯᠭ᠎ᠠ ᠲᠠᠢ ᠬᠥᠮᠥᠰ ᠲᠤ ᠬᠢᠬᠦ | ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠵᠣᠷᠢᠭ ᠰᠠᠨᠠᠭ᠎ᠠ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠴᠠᠭ ᠢᠮᠠᠭᠲᠠ ᠳᠡᠭᠡᠳᠦ ᠬᠡᠮᠵᠢᠶᠡᠨ ᠤ ᠰᠡᠷᠭᠡᠶᠢᠯᠡᠯᠲᠡ ᠶᠢᠨ | ᠪᠠᠶᠢᠳᠠᠯ ᠲᠠᠢ ᠪᠠᠶᠢᠵᠤ᠂ ᠠᠮᠤᠷ ᠲᠦᠪᠰᠢᠨ ᠲᠣᠭᠲᠠᠭᠤᠨ ᠠᠵᠤ ᠠᠬᠤᠶ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ | |