ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠴᠢᠨᠠᠭᠰᠢᠳᠠ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ | ᠵᠦᠢᠯ ᠤᠨ ᠠᠵᠢᠯ ᠢ ᠦᠨᠡᠨᠬᠦ ᠴᠢᠩᠭ᠎ᠠ ᠠᠳᠬᠤᠬᠤ ᠶᠢᠨ ᠲᠥᠯᠥᠭᠡ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ | ᠣᠶᠢᠷ᠎ᠠ ᠳᠤ᠂ ᠠ ᠯᠢ ᠾᠧ ᠪᠠᠯᠭᠠᠰᠤ ᠠᠶᠤᠯᠭᠦᠶ ᠦᠶ᠋ᠯᠡᠳᠪᠦᠷᠢᠯᠡᠯ ᠤᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠪᠠᠯᠭᠠᠰᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠬᠤᠷᠠᠯ ᠳᠤ ᠣᠷᠣᠯᠴᠠᠵᠤ᠂ ᠬᠤᠷᠠᠯ ᠢ ᠠ ᠯᠢ ᠾᠧ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ | ᠡᠷᠬᠢᠯᠡᠪᠡ᠃ | ᠬᠤᠷᠠᠯ ᠠᠴᠠ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠪᠠᠯᠭᠠᠰᠤᠨ ᠤ 2024 ᠣᠨ ᠤ ᠬᠠᠪᠤᠷ ᠤᠨ ᠰᠡᠷᠭᠡᠶᠢᠯᠡᠯᠲᠡ᠂ | ᠬᠤᠳᠠ ᠶᠢᠨ ᠰᠡᠷᠭᠡᠶᠢᠯᠡᠯᠲᠡ᠂ ᠠᠶᠤᠯᠭᠦᠢ ᠦᠢᠯᠡᠳᠪᠦᠷᠢᠯᠡᠯ ᠳᠤ ᠶᠡᠷᠦᠩᠬᠡᠢ ᠬᠠᠷᠠᠯᠲᠠ ᠳᠤᠷᠠᠳᠬᠤ ᠶᠢᠨ ᠬᠠᠮᠲᠤ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ | ᠬᠢᠵᠡᠢ᠃ ᠬᠤᠷᠠᠯ ᠳᠡᠭᠡᠷ᠎ᠡ᠂ ᠠ ᠯᠢ ᠾᠧ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠲᠠᠷᠠᠭᠠᠴᠢ ᠶᠢᠨ | ᠱᠠᠲᠤᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠤᠭᠰᠠᠨ | ᠪᠥᠭᠡᠳ ᠲᠣᠰᠬᠤᠨ᠂ ᠨᠡᠶᠢᠭᠡᠮ ᠲᠣᠭᠤᠷᠢᠭ ᠯᠤᠭ᠎ᠠ 2024 ᠣᠨ ᠤ ᠠᠶᠤᠯᠭᠦᠶ ᠦᠢᠯᠡᠳᠪᠦᠷᠢᠯᠡᠯ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠥᠰᠥᠭ ᠵᠢᠷᠤᠪᠠ᠃ | ᠬᠤᠷᠠᠯ ᠠᠴᠠ᠂ ᠡᠯ᠎ᠡ ᠠᠵᠢᠯ ᠲᠦᠷᠦᠯ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ᠂ ᠡᠯ᠎ᠡ ᠲᠦᠷᠦᠯ ᠤᠨ ᠠᠮᠤᠷ | ᠲᠦᠪᠰᠢᠨ ᠤ ᠠᠶᠤᠯ ᠲᠦᠭᠰᠢᠭᠦᠷᠢ ᠨᠡᠮᠡᠭᠳᠡᠪᠡ᠃ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠦᠬᠦ | ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ | ᠭᠦᠢᠴᠡᠳ ᠲᠠᠨᠢᠵᠤ᠂ ᠤᠯᠠᠭᠠᠨ ᠱᠤᠭᠤᠮ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠠᠵᠢᠯ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠴᠠᠭ | ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠠᠰᠠᠭᠤᠳᠠᠯ᠂ ᠳᠤᠲᠠᠭᠤᠳᠠᠯ ᠪᠠ ᠠᠶᠤᠯ ᠲᠦᠭᠰᠢᠭᠦᠷᠢ ᠶᠢ | ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ | ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠦᠩᠭᠡᠨ ᠲᠠᠯ᠎ᠠ ᠪᠠ ᠦᠨᠳᠦᠰᠦ ᠠᠴᠠ ᠨᠢ | ᠵᠠᠰᠠᠬᠤ ᠶᠢ ᠴᠢᠬᠤᠯᠠᠴᠢᠯᠠᠬᠤ︾ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠠᠶᠤᠯᠭᠦᠢ ᠦᠢᠯᠡᠳᠪᠦᠷᠢᠯᠡᠯ ᠤᠨ | ᠬᠥᠪᠴᠢ ᠶᠢ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ | ᠬᠤᠶᠠᠷ ᠲᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠣᠷᠣᠨ ᠪᠠᠶᠢᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠨ | ᠡᠵᠡᠮᠳᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠡᠭᠦᠷᠭᠡ ᠶᠢ ᠨᠢᠭᠡᠳ ᠨᠢᠭᠡ ᠪᠠᠷ ᠵᠠᠳᠠᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠳᠥᠷᠪᠡ ᠳᠤ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠠᠳᠡᠯ ᠢ | ᠤᠷᠢᠳᠴᠢᠯᠠᠨ ᠰᠡᠷᠭᠡᠶᠢᠯᠡᠬᠦ ᠶᠢᠨ ᠴᠢᠬᠤᠯᠠ ᠭᠠᠷᠳᠠᠴᠠ ᠪᠣᠯᠭᠠᠵᠤ᠂ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠪᠣᠯᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠪᠠᠶᠢᠩᠭᠤᠵᠢᠭᠤᠯᠤᠨ | ᠥᠷᠨᠢᠭᠦᠯᠬᠦ ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤᠨ ᠤ ᠵᠠᠰᠠᠭ ᠤᠨ ᠣᠷᠳᠣᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ︽ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ︾ ᠬᠡᠯᠪᠡᠷᠢ ᠪᠠᠷ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠵᠣᠬᠢᠴᠠᠩᠭᠤᠶ | ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠠᠶᠤᠯᠭᠦᠶ ᠦᠢᠯᠡᠳᠪᠦᠷᠢᠯᠡᠯ ᠤᠨ ᠬᠠᠷᠠᠯᠲᠠ ᠶᠢ ᠪᠡᠶᠡᠯᠡᠭᠦᠯᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | |