ᠠ ᠯᠢ ᠾᠧ ᠪᠠᠯᠭᠠᠰᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/29
    ᠠ ᠯᠢ ᠾᠧ ᠪᠠᠯᠭᠠᠰᠤᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠠ ᠯᠢ ᠾᠧ ᠪᠠᠯᠭᠠᠰᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠷᠢᠶ᠎ᠠ ᠣᠷᠣᠨ ᠤ ᠡᠯ᠎ᠡ ᠲᠣᠰᠬᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠵᠡᠶ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠤᠯᠤᠰ ᠲᠥᠷᠥ ᠶᠢᠨ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠠᠵᠢᠯ ᠢᠶᠠᠨ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠨ᠎ᠠ︔ ᠬᠤᠶᠠᠷ ᠲᠤ ᠬᠠᠷᠠᠯᠲᠠ ᠡᠭᠦᠷᠭᠡ ᠪᠠᠨ ᠲᠣᠳᠣᠷᠬᠠᠶᠢᠯᠠᠨ᠎ᠠ᠃ ᠭᠦᠢᠴᠡᠳᠬᠡᠯ ᠲᠤᠭ᠎ᠠ ᠶᠢ ᠵᠠᠳᠠᠯᠬᠤ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠲᠣᠳᠣᠷᠬᠠᠶ ᠲᠠᠶᠢᠯᠪᠤᠷᠢᠯᠠᠨ ᠥᠭᠴᠦ᠂ ᠠᠰᠢᠭ ᠬᠤᠤᠷ ᠤᠨ ᠬᠠᠷᠢᠴᠠᠭ᠎ᠠ ᠶᠢ ᠲᠣᠳᠣᠷᠬᠠᠶ ᠲᠠᠶᠢᠯᠪᠤᠷᠢᠯᠠᠨ ᠥᠭᠴᠦ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠲᠤᠰᠢᠶᠠᠬᠤ ᠶᠣᠰᠣᠲᠠᠶ ᠶᠢ ᠨᠢ ᠴᠥᠮ ᠲᠤᠰᠢᠶᠠᠬᠤ ᠶᠢ ᠪᠡᠶᠡᠯᠡᠭᠦᠯᠦᠨ᠎ᠡ︔ ᠭᠤᠷᠪᠠ ᠳᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠎ᠠ᠃ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠵᠣᠷᠢᠭᠲᠠᠶ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠥᠬᠦ ᠪᠠᠯᠭᠠᠰᠤᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠢ ᠪᠡᠶᠡᠯᠡᠭᠦᠯᠬᠦ ᠬᠡᠷᠡᠭᠲᠡᠶ᠃
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ