ᠠ ᠯᠢ ᠾᠧ ᠪᠠᠯᠭᠠᠰᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2024/11/29
    ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠦᠴᠦᠲᠡᠶ ᠪᠠᠲᠤᠯᠠᠬᠤ ᠶᠢᠨ ᠲᠤᠰᠠᠳᠠ᠃ ᠣᠶᠢᠷ᠎ᠠ ᠳᠤ᠂ ᠠ ᠯᠢ ᠾᠧ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠶᠢᠨ ᠠᠵᠢᠯ ᠨᠢ ᠠ ᠯᠢ ᠾᠧ ᠪᠠᠯᠭᠠᠰᠤᠨ ᠤ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠴᠢᠭᠯᠡᠭᠦᠯᠦᠨ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠪᠠ᠃ ᠨᠢᠭᠡ ᠳᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠬᠢᠨᠠᠯᠲᠠ ᠬᠠᠮᠢᠶᠠᠷᠤᠯᠲᠠ ᠪᠠᠶᠢᠴᠠᠭᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠣᠷᠣᠭᠤᠯᠤᠯᠲᠠ ᠶᠢᠨ ᠪᠣᠳᠠᠰ ᠤᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠤᠨ᠂ ᠳᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ︵ᠡᠷᠦᠬᠡ︶ ᠶᠢᠨ ᠦᠶ᠋ᠯᠡᠳᠪᠦᠷᠢᠯᠡᠯ᠂ ᠡᠮ ᠬᠡᠷᠡᠭᠯᠡᠬᠦ᠂ ᠠᠷᠢᠭᠤᠳᠬᠠᠬᠤ ᠵᠡᠷᠭᠡ ᠲᠡᠮᠳᠡᠭᠯᠡᠯ ᠢ ᠪᠠᠶᠢᠴᠠᠭᠠᠨ ᠦᠵᠡᠵᠦ᠂ ᠦᠢᠯᠡᠳᠪᠦᠷᠢᠯᠡᠯ ᠤᠨ ᠲᠡᠮᠳᠡᠭᠯᠡᠯ ᠤᠨ ᠲᠠᠩᠰᠠ ᠡᠪᠬᠡᠮᠡᠯ ᠢ ᠰᠢᠮᠳᠠᠭᠤᠯᠤᠨ ᠲᠡᠭᠦᠯᠳᠡᠷᠵᠢᠭᠦᠯᠪᠡ︔ ᠬᠤᠶᠠᠷ ᠲᠤ᠂ ᠢᠳᠡᠭᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ︾ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠠᠷᠢᠶᠠᠨ ᠮᠠᠯ ᠤᠨ ᠡᠮ ᠢ ᠬᠡᠷᠡᠭᠯᠡᠭᠰᠡᠨ ᠵᠢᠴᠢ ᠬᠤᠳᠠᠯᠳᠤᠨ ᠠᠪᠤᠭᠰᠠᠨ ᠪᠠᠶᠢᠳᠠᠯ ᠢ ᠲᠣᠭᠤᠷᠢᠨ ᠪᠠᠶᠢᠴᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠦᠢᠴᠡᠳᠬᠡᠯ ᠢ ᠪᠠᠲᠤᠯᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠪᠠ ᠨᠡᠶᠢᠭᠡᠮ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠣᠶᠢᠯᠠᠭᠠᠵᠤ᠂ ᠲᠠᠷᠢᠶᠠᠨ ᠡᠮ ᠮᠠᠯ ᠤᠨ ᠡᠮ ᠢ ᠠᠮᠤᠷ ᠲᠦᠪᠰᠢᠨ ᠢᠶᠠᠷ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠦᠨ᠂ ᠶᠠᠰᠤ ᠴᠢᠨᠠᠷ ᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠪᠠ᠃ ᠭᠤᠷᠪᠠ ᠳᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠯᠭᠡ ᠶᠢᠨ ᠲᠤᠬᠠᠶ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠵᠤ᠂ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠲᠠᠢ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃    ᠲᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠪᠠᠨ ᠦᠷᠭᠦᠯᠵᠢᠯᠡᠨ ᠴᠢᠩᠭᠠᠳᠬᠠᠵᠤ᠂ ᠪᠠᠯᠭᠠᠰᠤᠨ ᠤ ᠱᠠᠲᠤᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠮᠠᠨ ᠤ ᠪᠠᠯᠭᠠᠰᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠨ᠎ᠠ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ