︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠨ᠎ᠠ︾ ᠠ ᠯᠢ ᠾᠧ ᠪᠠᠯᠭᠠᠰᠤᠨ ᠤ ᠫᠢᠩ ᠠᠨ ᠨᠡᠶᠢᠭᠡᠮ ᠲᠣᠭᠤᠷᠢᠭ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/29
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠲᠤᠭᠤᠰᠢᠯᠠᠭᠤᠯᠵᠤ᠂ ᠨᠠᠩ ᠣᠯᠠᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠤᠶᠢᠯᠠᠭᠠᠨ ᠡᠵᠡᠮᠰᠢᠭᠦᠯᠬᠦ ᠶᠢᠨ ᠲᠥᠯᠥᠭᠡ᠂ ᠣᠶᠢᠷ᠎ᠠ ᠳᠤ᠂ ᠠ ᠯᠢ ᠾᠧ ᠪᠠᠯᠭᠠᠰᠤᠨ ᠤ ᠫᠢᠩ ᠠᠨ ᠨᠡᠶᠢᠭᠡᠮ ᠲᠣᠭᠤᠷᠢᠭ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠲᠠᠢ ᠬᠠᠮᠲᠤᠷᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠬᠤᠷᠠᠯ ᠳᠡᠭᠡᠷ᠎ᠡ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ︽ᠵᠢᠷᠭᠤᠭᠠᠨ ᠦᠭᠡ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠲᠠᠰ ᠳᠠᠷᠠᠭᠠᠯᠠᠨ ᠲᠠᠶᠢᠯᠪᠤᠷᠢᠯᠠᠵᠤ᠂ ᠲᠥᠬᠦᠮ ᠣᠶᠢᠯᠠᠭᠠᠮᠵᠢᠲᠠᠶ᠂ ᠣᠯᠠᠨ ᠲᠦᠮᠡᠨ ᠤ ᠳᠤᠷᠠᠲᠠᠶ᠎ᠠ ᠭᠥᠯᠢᠶᠡᠨ ᠠᠪᠬᠤ ᠠᠷᠭ᠎ᠠ ᠮᠠᠶ᠋ᠢᠭ ᠢᠶᠠᠷ ᠥᠪᠥᠷ ᠮᠣᠩᠭᠤᠯ ᠤᠨ ᠬᠥᠭᠵᠢᠯᠲᠡ ᠶᠢᠨ ᠥᠩᠭᠡᠷᠡᠯᠲᠡ ᠶᠢ ᠲᠠᠶᠢᠯᠪᠤᠷᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠭᠠᠵᠠᠷ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠥᠷᠨᠢᠭᠦᠯᠦᠭᠰᠡᠨ ᠴᠥᠬᠦᠷᠡᠰᠢ ᠥᠬᠡᠶ ᠲᠡᠮᠡᠴᠡᠯ ᠤᠨ ᠲᠡᠦᠬᠡ᠂ ᠣᠨᠣᠯ ᠤᠨ ᠬᠠᠶᠢᠯᠲᠠ ᠶᠢᠨ ᠲᠡᠦᠬᠡ᠂ ᠠᠷᠠᠳ ᠲᠦᠮᠡᠨ ᠳᠤ ᠪᠤᠶᠠᠨ ᠦᠢᠯᠡᠳᠦᠭᠰᠡᠨ ᠲᠡᠦᠬᠡ ᠪᠠ ᠨᠠᠮ ᠤᠨ ᠲᠣᠰ ᠪᠡᠶ᠎ᠡ ᠶᠢᠨ ᠪᠠᠶᠢᠭᠤᠯᠤᠯᠲᠠ ᠶᠢᠨ ᠲᠡᠤᠬᠡ ᠶᠢ ᠲᠠᠶᠢᠯᠪᠤᠷᠢᠯᠠᠵᠤ᠂ ᠣᠯᠠᠨ ᠳᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠶ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠠᠩ ᠭᠦᠨᠵᠡᠭᠡᠶ ᠣᠶᠢᠯᠠᠭᠠᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠣᠶᠢᠯᠠᠭᠠᠭᠰᠠᠨ ᠪᠥᠭᠡᠳ ᠪᠢᠳᠡᠨ ᠳᠤ ᠮᠠᠨ ᠤ ᠵᠣᠯ ᠵᠢᠷᠭᠠᠯᠲᠤ ᠠᠮᠢᠳᠤᠷᠠᠯ ᠪᠣᠯ ᠬᠠᠮᠢᠭ᠎ᠠ ᠠᠴᠠ ᠢᠷᠡᠭᠰᠡᠨ ᠭᠡᠳᠡᠭ ᠢ ᠣᠶᠢᠯᠠᠭᠠᠭᠤᠯᠤᠭᠰᠠᠨ ᠪᠠᠶᠢᠨ᠎ᠠ᠃    ᠬᠤᠷᠠᠯ ᠤᠨ ᠳᠠᠷᠠᠭ᠎ᠠ ᠰᠠᠭᠤᠭᠠᠯᠢ ᠠᠷᠠᠳ ᠤᠨ ᠠᠰᠠᠭᠤᠯᠲᠠ ᠬᠠᠷᠢᠭᠤᠯᠲᠠ ᠳᠤ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠳᠠᠮᠵᠢᠭᠤᠯᠤᠨ ᠥᠨᠥᠳᠦᠷ ᠤᠨ ᠰᠠᠶᠢᠨ ᠰᠠᠶᠢᠬᠠᠨ ᠠᠮᠢᠳᠤᠷᠠᠯ ᠨᠠᠮ ᠤᠨ ᠲᠥᠪ ᠬᠤᠷᠢᠶᠠᠨ ᠤ ᠬᠠᠯᠠᠮᠵᠢᠯᠠᠯ ᠪᠠ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠠᠶᠢᠷ᠎ᠠ ᠬᠠᠯᠠᠮᠵᠢ ᠠᠴᠠ ᠢᠷᠡᠯᠲᠡ ᠲᠠᠢ ᠭᠡᠳᠡᠭ ᠢ ᠨᠠᠩ ᠭᠦᠨᠵᠡᠭᠡᠶ ᠣᠶᠢᠯᠠᠭᠠᠪᠠ᠃    ᠳᠠᠷᠠᠭᠠᠴᠢ ᠶᠢᠨ ᠠᠯᠬᠤᠮ ᠳᠤ ᠠ ᠯᠢ ᠾᠧ ᠪᠠᠯᠭᠠᠰᠤᠨ ᠤ ᠫᠢᠩ ᠠᠨ ᠨᠡᠶᠢᠭᠡᠮ ᠲᠣᠭᠤᠷᠢᠭ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠨᠠᠩ ᠣᠯᠠᠨ ᠰᠠᠭᠤᠭᠠᠯᠢ ᠠᠷᠠᠳ ᠲᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠶ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠠᠩ ᠢᠯᠡᠭᠦᠤ ᠣᠶᠢᠯᠠᠭᠠᠭᠤᠯᠤᠨ᠂ ᠨᠠᠮ ᠤᠨ ᠲᠥᠷᠥ ᠶᠢᠨ ᠪᠣᠳᠣᠯᠭ᠎ᠠ ᠶᠢ ᠨᠠᠩ ᠭᠦᠨᠵᠡᠭᠡᠶ ᠣᠶᠢᠯᠠᠭᠠᠵᠤ᠂ ᠥᠨᠥᠳᠦᠷ ᠤᠨ ᠵᠣᠯ ᠵᠢᠷᠭᠠᠯᠲᠤ ᠠᠮᠢᠳᠤᠷᠠᠯ ᠬᠠᠮᠢᠭ᠎ᠠ ᠠᠴᠠ ᠢᠷᠡᠭᠰᠡᠨ ᠢ ᠣᠶᠢᠯᠠᠭᠠᠨ᠎ᠠ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ