ᠵᠢᠢ ᠸᠧᠨ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/29
    ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠵᠢᠶ ᠸᠧᠨ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ᠂ ᠲᠣᠮᠢᠯᠠᠭᠰᠠᠨ ᠰᠠᠯᠪᠤᠷᠢ᠂ ᠡᠯ᠎ᠡ ᠨᠡᠶᠢᠭᠡᠮ ᠲᠣᠭᠤᠷᠢᠭ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠶᠢᠨ ᠳᠤᠮᠳᠠ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡᠨ ᠤ ᠠᠵᠢᠯᠲᠠᠳ ᠣᠯᠠᠨ ᠲᠦᠮᠡᠨ ᠳᠤ ᠭᠠᠯ ᠤᠨ ᠠᠶᠤᠯ ᠤᠨ ᠬᠤᠤᠷ ᠬᠥᠨᠥᠭᠡᠯ ᠢ ᠡᠷᠦᠬᠡ ᠳᠠᠷᠠᠭᠠᠯᠠᠨ ᠤᠬᠠᠭᠤᠯᠤᠨ ᠲᠠᠶᠢᠯᠪᠤᠷᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠵᠢᠴᠢ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠠᠩᠬᠠᠷᠬᠤ ᠵᠦᠢᠯᠡᠰ ᠢ ᠲᠦᠭᠡᠮᠡᠯᠵᠢᠭᠦᠯᠬᠦ ᠶᠢᠨ ᠬᠠᠮᠲᠤ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠵᠦ ᠥᠭᠴᠦ ᠪᠣᠯᠬᠤ ᠥᠬᠡᠶ᠂ ᠰᠠᠭᠤᠭᠠᠯᠢ ᠠᠷᠠᠳ ᠢ ᠬᠠᠪᠰᠤᠷᠤᠨ ᠴᠠᠬᠢᠯᠭᠠᠨ ᠬᠡᠷᠡᠭᠯᠡᠬᠦ ᠮᠡᠳᠡᠯᠭᠡ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠣᠯᠠᠨ ᠲᠦᠮᠡᠨ ᠨᠢᠭᠡᠪᠦᠷᠢ ᠶᠢᠨ ᠡᠮᠦᠨ᠎ᠡ᠂ ᠠᠵᠢᠯᠲᠠᠳ ᠴᠥᠮ ᠡᠳᠦᠷ ᠲᠤᠲᠤᠮ ᠤᠨ ᠠᠮᠢᠳᠤᠷᠠᠯ ᠳᠤᠮᠳᠠᠬᠢ ᠭᠠᠯ ᠤᠨᠲᠠᠷᠠᠭᠠᠬᠤ ᠮᠡᠳᠡᠯᠭᠡ ᠶᠢ ᠨᠢᠭᠡᠳ ᠨᠢᠭᠡ ᠪᠠᠷ ᠨᠠᠷᠢᠨ ᠨᠢᠮᠪᠠᠶ ᠲᠠᠶᠢᠯᠪᠤᠷᠢᠯᠠᠬᠤ ᠶᠢᠨ ᠬᠠᠮᠲᠤ ᠣᠯᠠᠨ ᠲᠦᠮᠡᠨ ᠢ ᠠᠮᠢᠳᠤᠷᠠᠯ ᠤᠨ ᠳᠤᠮᠳᠠ ᠪᠠᠨ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠠᠩᠬᠠᠷᠬᠤ ᠬᠡᠷᠡᠭᠲᠡᠶ ᠭᠡᠵᠦ ᠵᠠᠬᠢᠪᠠ᠃ ᠢᠦᠶ ᠶᠢᠩ ᠨᠡᠶᠢᠭᠡᠮ ᠲᠣᠭᠤᠷᠢᠭ ᠲᠤ᠂ ᠰᠦᠯᠵᠢᠶᠡᠨ ᠤ ᠠᠵᠢᠯᠲᠠᠨ ᠪᠣᠯᠤᠨ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠬᠠᠮᠲᠤ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠶᠢ ᠰᠤᠷᠤᠯᠴᠠᠵᠤ᠂ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ᠂ ᠭᠠᠯ ᠤᠨ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠪᠠ᠃ ᠳᠠᠷᠠᠭ᠎ᠠ ᠨᠢ ᠰᠦᠯᠵᠢᠶᠡᠨ ᠤ ᠠᠵᠢᠯᠲᠠᠨ ᠵᠢᠴᠢ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠡᠷᠦᠬᠡ ᠳᠤ ᠣᠷᠣᠵᠤ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠭᠠᠯ ᠰᠡᠷᠭᠡᠶᠢᠯᠡᠬᠦ ᠪᠠ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠳᠤ ᠠᠩᠬᠠᠷᠬᠤ ᠵᠦᠢᠯᠡᠰ᠂ ᠭᠠᠯ ᠤᠨ ᠠᠶᠤᠯ ᠲᠣᠬᠢᠶᠠᠯᠳᠤᠪᠠᠯ ᠬᠡᠷᠬᠢᠨ ᠠᠪᠤᠷᠠᠨ ᠲᠤᠰᠠᠯᠠᠬᠤ᠂ ᠭᠠᠯ ᠲᠦᠢᠮᠡᠷ ᠤᠨ ᠲᠠᠯᠠᠪᠤᠷ ᠠᠴᠠ ᠬᠡᠷᠬᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠡᠭᠦᠨ ᠤ ᠬᠠᠮᠲᠤ ᠰᠠᠭᠤᠭᠠᠯᠢ ᠠᠷᠠᠳ ᠲᠤ ︽ᠠᠷᠠᠳ ᠲᠤ ᠠᠰᠢᠭ ᠬᠦᠷᠲᠡᠭᠡᠬᠦ ᠺᠠᠷᠲ︾ ᠢ ᠲᠠᠷᠬᠠᠭᠠᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠡᠶ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠦᠨᠡᠨ ᠬᠦ ᠲᠠᠨᠢᠭᠤᠯᠵᠤ᠂ ᠪᠥᠬᠦ ᠪᠠᠯᠭᠠᠰᠤᠨ ᠤ ᠭᠠᠯ ᠤᠨᠲᠠᠷᠠᠭᠠᠬᠤ ᠶᠢ ᠠᠩᠬᠠᠷᠬᠤ᠂ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠳᠤ ᠣᠷᠣᠯᠴᠠᠬᠤ ᠶᠢ ᠳᠥᠯᠭᠢᠨ ᠠᠬᠢᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ    
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ