︽315 ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠵᠢᠢ ᠸᠧᠨ ᠪᠠᠯᠭᠠᠰᠤ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠪᠠᠯᠭᠠᠰᠤᠨ ᠤ ᠠᠮᠤᠷ ᠲᠦᠪᠰᠢᠨ ᠤ | ᠪᠠᠶᠢᠭᠤᠯᠤᠯᠲᠠ ᠶᠢᠨ ᠠᠯᠪᠠᠨ ᠬᠡᠷ᠂ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠨᠡᠶᠢᠭᠡᠮ ᠲᠣᠭᠤᠷᠢᠭ᠂ ᠬᠠᠤᠯᠢ | ᠴᠠᠭᠠᠵᠠ ᠶᠢᠨ ᠭᠠᠵᠠᠷ ᠵᠡᠷᠭᠡ ᠰᠠᠯᠠᠭ᠎ᠠ ᠮᠥᠴᠢᠷ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠳᠤᠮᠳᠠ᠂ ᠠᠵᠢᠯᠲᠠᠳ ᠢᠷᠡᠵᠦ ᠶᠠᠪᠤᠬᠤ ᠣᠯᠠᠨ ᠲᠦᠮᠡᠨ ᠳᠤ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ᠭᠠᠵᠢᠭᠤ | ᠨᠣᠮᠯᠠᠯ ᠢ ᠡᠰᠡᠷᠭᠦᠴᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠳᠤ ᠪᠠᠶᠢᠩᠭᠤ | ᠲᠣᠬᠢᠶᠠᠯᠳᠤᠳᠠᠭ ᠬᠡᠷᠡᠭᠯᠡᠭᠡᠨ ᠤ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠪᠠ ᠢᠯᠡᠷᠡᠭᠦᠯᠬᠦ ᠬᠡᠯᠪᠡᠷᠢ ᠶᠢ ᠲᠠᠨᠢᠯᠴᠠᠭᠤᠯᠵᠤ᠂ ᠣᠯᠠᠨ ᠲᠦᠮᠡᠨ ᠳᠤ ᠬᠤᠳᠠᠯ | ᠬᠠᠭᠤᠷᠮᠠᠭ ᠦᠢᠯᠡᠳᠬᠦᠨ ᠬᠤᠳᠠᠯᠳᠤᠨ ᠠᠪᠴᠤ ᠬᠡᠷᠬᠢᠨ ᠠᠷᠭᠠᠴᠠᠬᠤ᠂ ᠬᠡᠷᠡᠭᠯᠡᠭᠡᠨ ᠤ ᠮᠡᠬᠡᠯᠡᠯ ᠳᠤ ᠤᠴᠠᠷᠠᠬᠤ᠂ ᠬᠠᠤᠯᠢ ᠴᠠᠭᠠᠵᠠ ᠶᠢᠨ ᠵᠡᠪᠰᠡᠭ ᠢ ᠬᠡᠷᠬᠢᠨ ᠠᠪᠴᠤ | ᠥᠪᠡᠷ ᠢ ᠪᠠᠨ ᠬᠠᠮᠠᠭᠠᠯᠠᠬᠤ ᠲᠤᠬᠠᠶ ᠬᠡᠯᠡᠵᠦ ᠥᠭᠪᠡ᠃ ᠳᠠᠷᠠᠭ᠎ᠠ ᠨᠢ᠂ ᠠᠵᠢᠯᠲᠠᠳ ᠪᠠᠰᠠ ᠡᠷᠬᠢᠨ ᠲᠣᠭᠤᠷᠢᠨ ᠤ ᠬᠤᠳᠠᠯᠳᠤᠭᠠᠨ ᠤ ᠳᠡᠯᠭᠡᠭᠦᠷ ᠪᠣᠯᠤᠨ ᠵᠡᠭᠡᠯᠢ | ᠳᠠᠭᠠᠤ ᠶᠢᠨ ᠳᠡᠯᠭᠡᠭᠡ ᠮᠠᠶᠢᠮᠠᠶ ᠳᠤ ᠬᠦᠷᠴᠦ᠂ ᠡᠵᠡᠩᠨᠡᠭᠴᠢᠳ ᠲᠤ ᠲᠡᠳᠡᠨ ᠤ ᠭᠤᠤᠯ ᠡᠭᠦᠷᠭᠡ ᠵᠢᠴᠢ ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠦᠢᠯᠡ | ᠠᠵᠢᠯᠯᠠᠭ᠎ᠠ ᠶᠢᠨ ᠡᠭᠦᠷᠭᠡᠯᠡᠪᠡᠰᠦ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠮᠡᠳᠡᠯᠭᠡ ᠶᠢ ᠤᠬᠠᠭᠤᠯᠵᠤ᠂ ᠡᠵᠡᠩᠨᠡᠭᠴᠢᠳ ᠲᠤ ᠵᠥᠪ ᠣᠨᠣᠪᠴᠢᠲᠠᠶ | ᠡᠵᠡᠩᠨᠡᠯᠲᠡ ᠶᠢᠨ ᠦᠵᠡᠯᠲᠡ ᠶᠢ ᠪᠣᠶ ᠪᠣᠯᠭᠠᠵᠤ᠂ ᠲᠡᠳᠡᠨ ᠳᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠭᠠᠵᠢᠭᠤ ᠨᠣᠮᠯᠠᠯ ᠤᠨ ᠬᠦᠴᠦᠨ ᠤ ᠨᠡᠪᠴᠢᠯᠲᠡ ᠬᠢᠬᠦ ᠶᠢ | ᠰᠡᠷᠭᠡᠶᠢᠯᠡᠵᠦ᠂ ᠭᠠᠵᠢᠭᠤ ᠨᠣᠮᠯᠠᠯ ᠢ ᠡᠰᠡᠷᠭᠦᠴᠡᠬᠦ ᠴᠢᠳᠠᠪᠤᠷᠢ ᠪᠣᠯᠤᠨ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠣᠯᠠᠨ ᠲᠦᠮᠡᠨ ᠢ ᠵᠣᠷᠢᠭᠵᠢᠭᠤᠯᠤᠨ ᠭᠠᠵᠢᠭᠤ | ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠶ ᠢᠯᠡᠴᠢᠯᠡᠨ ᠮᠡᠳᠡᠭᠦᠯᠬᠦ ᠬᠡᠷᠡᠭᠲᠡᠶ ᠭᠡᠵᠦ ᠰᠠᠨᠠᠭᠤᠯᠪᠠ᠃ | ᠠᠵᠢᠯᠯᠠᠭ᠎ᠠ ᠶᠢᠨ ᠳᠠᠷᠠᠭ᠎ᠠ᠂ ᠠᠵᠢᠯᠲᠠᠳ ᠪᠠᠰᠠ ᠵᠢᠵᠢᠭ ᠲᠣᠭᠤᠷᠢᠭ ᠲᠤ ᠬᠦᠷᠴᠦ ᠭᠠᠯ ᠤᠨᠲᠠᠷᠠᠭᠠᠬᠤ ᠮᠡᠳᠡᠯᠭᠡ ᠶᠢ ᠤᠬᠠᠭᠤᠯᠬᠤ ᠪᠠ ᠭᠠᠯ ᠤᠨᠲᠠᠷᠠᠭᠠᠬᠤ ᠵᠠᠮ᠂ | ︽ᠨᠢᠰᠬᠦ ᠱᠤᠭᠤᠮ︾ ᠵᠡᠷᠭᠡ ᠭᠠᠯ ᠤᠨᠲᠠᠷᠠᠭᠠᠬᠤ ᠳᠠᠯᠳᠠ ᠬᠡᠮ ᠢ ᠤᠶᠢᠯᠠᠭᠠᠨ ᠵᠢᠭᠰᠠᠭᠠᠬᠤ ᠶᠢᠨ ᠬᠠᠮᠲᠤ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠢ | ᠰᠠᠭᠤᠭᠠᠯᠢ ᠠᠷᠠᠳ ᠲᠠᠢ ᠮᠡᠳᠡᠭᠳᠡᠬᠦ ᠪᠢᠴᠢᠭ ᠲᠣᠭᠲᠠᠭᠠᠵᠤ᠂ ᠲᠡᠭᠦᠨ ᠢ ᠰᠢᠮᠳᠠᠭᠤᠯᠵᠤ ᠪᠠᠶᠢᠭᠠᠳ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠴᠡᠭᠴᠡᠯᠡᠨ | ᠰᠠᠶᠢᠵᠢᠷᠠᠭᠤᠯᠵᠤ᠂ ᠠᠷᠠᠳ ᠢᠷᠭᠡᠳ ᠤᠨ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠶᠤᠮ᠃ | ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠳᠤ᠂ ︽ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠬᠠᠤᠯᠢ︾᠂ ᠭᠠᠵᠢᠭᠤ ᠨᠣᠮᠯᠠᠯ ᠢ ᠡᠰᠡᠷᠭᠦᠴᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ | ᠨᠡᠶᠢᠲᠡ 200 ᠭᠠᠷᠤᠶ ᠬᠤᠪᠢ ᠲᠠᠷᠬᠠᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠭᠠᠯ ᠤᠨᠲᠠᠷᠠᠭᠠᠬᠤ ᠵᠠᠮ᠂ ︽ᠨᠢᠰᠬᠦ ᠱᠤᠭᠤᠮ︾ ᠵᠡᠷᠭᠡ ᠭᠠᠯ | ᠤᠨᠲᠠᠷᠠᠭᠠᠬᠤ ᠳᠠᠯᠳᠠ ᠬᠡᠮ ᠢ ᠦᠷᠭᠦᠯᠵᠢᠯᠡᠨ ᠤᠶᠢᠯᠠᠭᠠᠨ ᠵᠢᠭᠰᠠᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠮᠡᠳᠡᠯᠭᠡ ᠶᠢ | ᠢᠳᠡᠪᠬᠢᠲᠡᠶ ᠤᠬᠠᠭᠤᠯᠵᠤ᠂ ᠬᠠᠷᠢᠶᠠᠲᠤ ᠣᠷᠣᠨ ᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ | ᠦᠨᠡᠨ ᠬᠦ ᠪᠠᠲᠤᠯᠠᠨ᠎ᠠ᠃ | |