ᠳᠠᠭᠠᠭᠤᠯᠢ ᠣᠳᠣᠨ ᠲᠧᠯᠸᠢᠰ ᠤᠨ ᠭᠥᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠳᠠᠭᠠᠭᠤᠯᠢ ᠣᠳᠣᠨ ᠲᠧᠯᠸᠢᠰ ᠤᠨ | ᠭᠥᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ ᠤᠭᠰᠠᠷᠠᠬᠤ ᠪᠠ ᠬᠡᠷᠡᠭᠯᠡᠬᠦ ᠠᠵᠢᠯᠯᠠᠭ᠎ᠠ ᠳᠤ ᠪᠦᠲᠦᠮᠵᠢᠲᠡᠶ ᠴᠣᠬᠢᠯᠲᠠ ᠥᠭᠬᠦ ᠶᠢᠨ ᠲᠥᠯᠥᠭᠡ᠂ | ᠣᠶᠢᠷ᠎ᠠ ᠳᠤ᠂ ᠠ ᠯᠢ ᠾᠧ ᠪᠠᠯᠭᠠᠰᠤ ᠬᠠᠤᠯᠢ ᠪᠤᠰᠤ ᠳᠠᠭᠠᠭᠤᠯᠢ ᠤᠳᠤᠨ ᠤ ᠲᠧᠯᠸᠢᠰ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ | ᠲᠥᠬᠦᠭᠡᠷᠦᠮᠵᠢ ᠶᠢ ᠵᠢᠭᠰᠠᠭᠠᠨ ᠪᠠᠶᠢᠴᠠᠭᠠᠵᠤ ᠤᠬᠠᠭᠤᠯᠬᠤ ᠠᠵᠢᠯᠯᠠᠭ᠎ᠠ ᠥᠷᠨᠢᠭᠦᠯᠪᠡ᠃ | ᠠᠵᠢᠯᠲᠠᠳ ᠬᠠᠷᠢᠶᠠᠲᠤ ᠣᠷᠣᠨ ᠤ ᠰᠠᠭᠤᠭᠠᠯᠢ ᠠᠷᠠᠳ ᠣᠯᠠᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ︽ᠳᠠᠭᠠᠭᠤᠯᠢ ᠣᠳᠣᠨ ᠤ ᠲᠧᠯᠸᠢᠰ︾ ᠢ | ᠬᠡᠷᠡᠭᠯᠡᠬᠦ ᠬᠤᠣᠷ ᠬᠥᠨᠥᠭᠡᠯ ᠵᠢᠴᠢ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠢ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ | ᠪᠤᠰᠤ ᠳᠠᠭᠠᠭᠤᠯᠢ ᠣᠳᠣᠨ ᠤ ᠲᠧᠯᠸᠢᠰ ᠤᠨ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠬᠤ ᠪᠠ ᠬᠡᠷᠡᠭᠯᠡᠬᠦ ᠶᠢ ᠤᠬᠠᠮᠰᠠᠷ ᠠᠴᠠ ᠪᠠᠨ ᠬᠤᠷᠢᠭᠯᠠᠬᠤ ᠶᠢᠨ ᠬᠠᠮᠲᠤ | ᠬᠠᠮᠢᠶ᠎ᠠ ᠪᠦᠬᠦᠢ ᠠᠭᠤᠯᠭ᠎ᠠ ᠶᠢᠨ ᠲᠤᠬᠠᠶ ᠨᠠᠷᠢᠨ ᠲᠣᠳᠣᠷᠬᠠᠶ ᠬᠠᠷᠢᠭᠤᠯᠲᠠ ᠥᠭᠴᠦ᠂ ᠰᠠᠭᠤᠭᠠᠯᠢ ᠠᠷᠠᠳ ᠣᠯᠠᠨ ᠢ ᠬᠥᠲᠥᠯᠥᠨ ᠵᠢᠯᠣᠭᠤᠳᠴᠤ ᠪᠠᠶᠢᠭᠠᠳ | ᠳᠠᠭᠠᠭᠤᠯᠢ ᠣᠳᠣᠨ ᠤ ᠭᠥᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ ᠤᠭᠰᠠᠷᠠᠭᠤᠯᠤᠨ ᠬᠡᠷᠡᠭᠯᠡᠬᠦ ᠶᠢ ᠤᠬᠠᠮᠰᠠᠷ ᠠᠴᠠ ᠪᠠᠨ ᠬᠤᠷᠢᠭᠯᠠᠵᠤ᠂ ᠰᠠᠭᠤᠭᠠᠯᠢ | ᠠᠷᠠᠳ ᠣᠯᠠᠨ ᠤ ︽ᠬᠠᠤᠯᠢ ᠪᠤᠰᠤ ᠳᠠᠭᠠᠭᠤᠯᠢ ᠣᠳᠣᠨ ᠤ ᠲᠧᠯᠸᠢᠰ︾ ᠢ ᠥᠷᠭᠡᠨ ᠢᠶᠠᠷ ᠠᠩᠬᠠᠷᠤᠨ ᠬᠠᠯᠠᠮᠵᠢᠯᠠᠵᠤ ᠪᠠᠶᠢᠬᠤ ᠶᠢ ᠴᠢᠩᠭᠠᠳᠬᠠᠪᠠ᠃ | ᠲᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠲᠠᠯ᠎ᠠ ᠪᠠᠷ ᠤᠶᠢᠯᠠᠭᠠᠨ ᠪᠠᠶᠢᠴᠠᠭᠠᠵᠤ᠂ | ᠥᠷᠭᠡᠨ ᠣᠯᠠᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ | ᠨᠥᠬᠦᠴᠡᠯ ᠢ ᠴᠡᠪᠡᠷᠰᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ |