ᠵᠢᠢ ᠸᠧᠨ ᠪᠠᠭ᠎ᠠ ᠰᠤᠷᠭᠠᠭᠤᠯᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/29
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠪᠦᠬᠦ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠵᠢᠢ ᠸᠧᠨ ᠪᠠᠭ᠎ᠠ ᠰᠤᠷᠭᠠᠭᠤᠯᠢ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠳᠤᠮᠳᠠ᠂ ᠵᠢᠶ ᠸᠧᠨ ᠪᠠᠭ᠎ᠠ ᠰᠤᠷᠭᠠᠭᠤᠯᠢ ᠭᠠᠷᠠᠭ ᠤᠨ ᠨᠢᠭᠡᠨ ᠤ ᠲᠤᠭ ᠮᠠᠨᠳᠤᠭᠤᠯᠬᠤ ᠴᠠᠭ ᠢ ᠠᠰᠢᠭᠯᠠᠨ᠂ ᠶᠡᠭᠡ ᠠᠩᠭᠢ ᠶᠢᠨ ᠬᠠᠪᠰᠤᠷᠤᠨ ᠵᠢᠯᠣᠭᠤᠳᠣᠭᠴᠢ ᠪᠠᠭᠰᠢ ᠪᠥᠬᠦ ᠪᠠᠭᠰᠢ ᠰᠤᠷᠤᠭᠴᠢᠳ ᠲᠤ ︽ᠵᠢᠷᠭᠤᠭᠠᠨ ᠦᠭᠡ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠬᠤᠶᠢᠰᠢᠳᠠ ᠶᠢᠨ ᠠᠩᠭᠢ ᠶᠢᠨ ᠬᠤᠷᠠᠯ ᠤᠨ ᠬᠢᠴᠢᠶᠡᠯ ᠳᠡᠭᠡᠷ᠎ᠡ᠂ ᠡᠯ᠎ᠡ ᠪᠠᠭᠰᠢ ᠨᠠᠷ ᠳᠠᠬᠢᠨᠲᠠ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠰᠤᠷᠤᠭᠴᠢᠳ ᠲᠤ ᠲᠣᠳᠣᠷᠬᠠᠶ ᠶᠠᠷᠢᠵᠤ᠂ ᠭᠦᠨᠵᠡᠭᠡᠶ ᠶᠠᠷᠢᠵᠤ᠂ ᠰᠤᠷᠤᠭᠴᠢᠳ ᠤᠨ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠰᠡᠳᠬᠢᠯ ᠳᠤ ᠪᠠᠨ ᠪᠠᠲᠤ ᠴᠡᠭᠡᠵᠢᠯᠡᠭᠦᠯᠵᠡᠶ᠃ ᠳᠠᠷᠠᠭ᠎ᠠ ᠨᠢ᠂ ᠰᠤᠷᠤᠭᠴᠢᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠶ᠎ᠡ︾ ᠭᠡᠬᠦ ᠦᠨᠳᠦᠰᠦᠲᠡᠨ ᠤ ᠪᠦᠯᠬᠦᠮᠳᠡᠯ ᠤᠨ ᠪᠢᠴᠢᠯ ᠬᠢᠴᠢᠶᠡᠯ ᠤᠨ ᠸᠢᠳᠢᠣ᠋ ᠵᠢᠴᠢ ᠺᠠᠷᠲ᠋ᠣᠨ ᠵᠢᠷᠤᠭ ᠤᠨ ᠣᠬᠤᠷ ᠹᠢᠯᠢᠮ ︽ᠤᠯᠤᠰ ᠤᠨ ᠬᠡᠤᠬᠡᠳ︾ ᠢ ᠰᠣᠨᠢᠷᠬᠠᠭᠰᠠᠨ ᠪᠥᠭᠡᠳ ᠥᠪᠡᠷ ᠤᠨ ᠤᠷᠢᠳᠴᠢᠯᠠᠨ ᠴᠤᠭᠯᠠᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢᠶᠠᠨ ᠪᠠᠭᠰᠢ ᠪᠣᠯᠤᠨ ᠬᠠᠮᠲᠤ ᠰᠤᠷᠤᠭᠴᠢᠳ ᠲᠤ ᠬᠤᠪᠢᠶᠠᠯᠴᠠᠪᠠ᠃    ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠠᠭᠰᠢ ᠰᠤᠷᠤᠭᠴᠢᠳ ᠢ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠵᠦᠢ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠴᠠᠭ ᠢᠮᠠᠭᠲᠠ ᠨᠠᠮ ᠤᠨ ᠠᠴᠢ ᠳᠤ ᠲᠠᠯᠠᠷᠬᠠᠬᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠬᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ ᠢᠲᠡᠭᠡᠯ ᠵᠣᠷᠢᠭ ᠢ ᠪᠠᠲᠤᠳᠬᠠᠵᠤ᠂ ᠰᠤᠷᠤᠭᠴᠢᠳ ᠤᠨ ᠤᠬᠠᠮᠰᠠᠷ ᠠᠴᠠ ᠪᠠᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠬᠠᠯᠠᠭᠤᠨ ᠰᠡᠳᠬᠢᠯᠭᠡ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠯᠤᠰ ᠤᠨ ᠥᠮᠴᠢᠯᠡᠯ ᠤᠨ ᠪᠢ ᠰᠠᠶᠢᠨ ᠵᠠᠯᠠᠭᠤᠴᠤᠳ ᠢ ᠬᠦᠴᠦᠷᠬᠡᠭᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠶᠢ ᠵᠣᠷᠢᠭᠵᠢᠭᠤᠯᠪᠠ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ