ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ᠂ ᠣᠶᠢᠷ᠎ᠠ ᠳᠤ᠂ ᠵᠢᠶ ᠸᠧᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠪᠠᠯᠭᠠᠰᠤᠨ ᠤ ᠬᠠᠷᠢᠶ᠎ᠠ ᠣᠷᠣᠨ ᠢ | ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠳᠤ ᠣᠷᠣᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠂ ᠢᠳᠡᠰᠢᠨ ᠨᠣᠭᠤᠭ᠎ᠠ ᠶᠢᠨ ᠬᠦᠯᠡᠮᠵᠢ ᠶᠢᠨ | ᠲᠠᠷᠢᠮᠠᠯ ᠤᠨ ᠰᠠᠭᠤᠷᠢᠨ ᠭᠠᠵᠠᠷ ᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ | ᠥᠷᠨᠢᠭᠦᠯᠪᠡ᠃ | ᠪᠠᠶᠢᠴᠠᠭᠠᠯᠲᠠ ᠶᠢᠨ ᠳᠤᠮᠳᠠ᠂ ᠠᠵᠢᠯᠲᠠᠳ ᠲᠠᠷᠢᠶᠠᠨ ᠡᠮ᠂ ᠮᠠᠯ ᠤᠨ ᠡᠮ ᠢ ᠬᠡᠷᠡᠭᠯᠡᠭᠰᠡᠨ ᠵᠢᠴᠢ ᠤᠷᠢᠳᠴᠢᠯᠠᠨ ᠭᠠᠷᠭᠠᠭᠰᠠᠨ ᠠᠮᠢᠲᠠᠨ ᠢ ᠲᠣᠭᠲᠠᠭᠰᠠᠨ | ᠴᠠᠭ ᠲᠤ ᠡᠮ ᠬᠡᠷᠡᠭᠯᠡᠭᠰᠡᠨ ᠡᠰᠡᠬᠦ ᠵᠡᠷᠭᠡ ᠪᠠᠶᠢᠳᠠᠯ ᠢ ᠨᠠᠷᠢᠨ ᠬᠢᠨᠠᠮᠠᠭᠠᠶ ᠠᠰᠠᠭᠤᠨ ᠯᠠᠪᠯᠠᠵᠤ᠂ ᠪᠠᠷᠢᠮᠵᠢᠶ᠎ᠠ ᠠᠴᠠ ᠬᠡᠲᠦᠷᠡᠭᠦᠯᠦᠨ ᠲᠠᠷᠢᠶᠠᠨ ᠡᠮ᠂ ᠮᠠᠯ ᠤᠨ ᠡᠮ ᠢ | ᠬᠡᠷᠡᠭᠯᠡᠭᠰᠡᠨ ᠪᠠᠶᠢᠳᠠᠯ ᠵᠢᠴᠢ ᠮᠠᠯ ᠤᠨ ᠡᠮ ᠢ ᠬᠠᠳᠠᠭᠠᠯᠠᠬᠤ᠂ ᠲᠡᠵᠢᠭᠡᠯ ᠪᠣᠷᠳᠤᠭ᠎ᠠ ᠬᠠᠳᠠᠭᠠᠯᠠᠵᠤ ᠡᠳ᠋ᠰᠢᠭᠦᠯᠬᠦ ᠵᠡᠷᠭᠡ ᠲᠠᠯᠠᠪᠤᠷ ᠭᠠᠵᠠᠷ ᠣᠷᠣᠰᠢᠵᠤ ᠪᠠᠶᠢᠬᠤ ᠡᠰᠡᠬᠦ ᠶᠢ | ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠡᠭᠦᠨ ᠤ ᠬᠠᠮᠲᠤ᠂ | ᠠᠵᠢᠯᠲᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠯᠭᠡ ᠶᠢᠨ ᠲᠤᠬᠠᠶ ᠲᠤᠬᠠᠶ ᠶᠢᠨ ᠲᠠᠯᠠᠪᠤᠷ ᠲᠤ | ᠤᠬᠠᠭᠤᠯᠤᠨ ᠲᠠᠶᠢᠯᠪᠤᠷᠢᠯᠠᠵᠤ᠂ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠳᠤ ︽ᠬᠠᠷ᠎ᠠ ᠮᠢᠬᠠᠯᠠᠭᠤᠯᠬᠤ ᠬᠠᠨᠳᠠ︾ ᠵᠡᠷᠭᠡ ᠬᠤᠷᠢᠭᠠᠲᠠᠢ ᠪᠣᠳᠠᠰ ᠢ ᠬᠡᠷᠡᠭᠯᠡᠵᠦ | ᠪᠣᠯᠬᠤ ᠥᠬᠡᠶ ᠭᠡᠵᠦ ᠰᠠᠨᠠᠭᠤᠯᠵᠤ᠂ ᠳᠠᠷᠠᠭ᠎ᠠ ᠨᠢ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠲᠠᠢ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃ ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠪᠠᠷ ᠳᠡᠮᠵᠢᠨ | ᠂ ᠬᠤᠤᠷᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠦᠢᠯᠭᠡᠭᠡᠨ ᠤ ᠭᠤᠭᠴᠤᠭ᠎ᠠ ᠳᠤ ᠣᠷᠣᠭᠤᠯᠵᠤ᠂ ᠵᠠᠬ᠎ᠠ ᠳᠡᠯᠭᠡᠭᠦᠷ ᠲᠤ ᠭᠠᠷᠭᠠᠬᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠪᠠ᠃ |