ᠵᠢᠶ ᠸᠧᠨ ᠪᠠᠯᠭᠠᠰᠤᠨ ᠤ ᠭᠤᠸᠠᠩ ᠮᠢᠩ ᠨᠡᠶᠢᠭᠡᠮ ᠲᠣᠭᠤᠷᠢᠭ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠳᠡᠷᠭᠡᠳᠡᠬᠢ ᠥᠯᠢᠭᠡᠷ ᠳᠠᠭᠤᠷᠢᠶᠠᠯ ᠢᠶᠠᠷ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/29
    ᠥᠷᠭᠡᠨ ᠣᠯᠠᠨ ᠨᠠᠮ ᠤᠨ ᠭᠡᠰᠢᠭᠦᠨ ᠤ ᠦᠯᠢᠭᠡᠷ ᠳᠠᠭᠤᠷᠢᠶᠠᠯ ᠢᠶᠠᠷ ᠲᠣᠯᠢ ᠪᠣᠯᠭᠠᠵᠤ᠂ ᠲᠡᠷᠢᠭᠦᠨ ᠤ ᠬᠢ ᠲᠠᠢ ᠪᠠᠶᠢᠬᠤ ᠶᠢ ᠤᠯᠠᠮ ᠨᠢᠭᠡ ᠠᠯᠬᠤᠮ ᠵᠣᠷᠢᠭᠵᠢᠭᠤᠯᠬᠤ ᠶᠢᠨ ᠲᠥᠯᠥᠭᠡ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠵᠤ᠂ 3 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠵᠢᠶ ᠸᠧᠨ ᠪᠠᠯᠭᠠᠰᠤᠨ ᠤ ᠭᠤᠸᠠᠩ ᠮᠢᠩ ᠨᠡᠶᠢᠭᠡᠮ ᠲᠣᠭᠤᠷᠢᠭ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠳᠡᠷᠭᠡᠳᠡᠬᠢ ᠥᠯᠢᠭᠡᠷ ᠳᠠᠭᠤᠷᠢᠶᠠᠯ ᠢᠶᠠᠷ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠳᠡᠷᠭᠡᠳᠡᠬᠢ ᠥᠯᠢᠭᠡᠷ ᠳᠠᠭᠤᠷᠢᠶᠠᠯ ᠤᠨ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠵᠢᠱᠢᠶᠡᠴᠢ ᠨᠡᠶᠢᠲᠡᠯᠢᠭ ᠵᠢᠱᠢᠶ᠎ᠡ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃    ᠡᠨᠡ ᠵᠢᠯ 89 ᠨᠠᠰᠤᠲᠠᠶ ᠱᠠᠨ ᠢᠦᠶ ᠯᠠᠩ ᠨᠠᠰᠤᠲᠠᠨ ᠪᠣᠯ ᠨᠠᠮ ᠳᠤ ᠣᠷᠣᠭᠠᠳ 58 ᠵᠢᠯ ᠪᠣᠯᠵᠤ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠪᠣᠯᠤᠨ᠎ᠠ᠃ ᠨᠠᠰᠤᠲᠠᠨ ᠠᠮᠢᠳᠤᠷᠠᠯ ᠶᠠᠳᠠᠭᠤ ᠵᠦᠳᠡᠭᠦᠦ ᠪᠣᠯᠬᠤᠷ ᠭᠡᠷ ᠲᠤ ᠪᠠᠷᠤᠭ ᠠᠳᠠᠯᠢ ᠭᠡᠷ ᠤᠨ ᠬᠡᠷᠡᠭᠰᠡᠯ ᠪᠠ ᠴᠠᠬᠢᠯᠭᠠᠨ ᠬᠡᠷᠡᠭᠰᠡᠯ ᠪᠠᠶᠢᠬᠤ ᠦᠭᠡᠢ᠃ ᠭᠡᠪᠡᠴᠦ ᠡᠶᠢᠮᠦ ᠨᠢᠭᠡᠨ ᠨᠠᠰᠤᠲᠠᠨ ᠬᠠᠷᠢᠨ ᠢᠮᠠᠭᠲᠠ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯᠭᠡ ᠪᠠᠷ ᠣᠷᠣᠯᠴᠠᠵᠤ᠂ ᠵᠠᠷᠢᠮ ᠬᠥᠮᠦᠨ ᠬᠦᠴᠢᠷ ᠪᠡᠷᠬᠡᠰᠢᠶᠡᠯ ᠳᠤ ᠲᠤᠯᠭᠠᠷᠠᠪᠠᠯ᠂ ᠲᠡᠷᠡ ᠶᠡᠷᠦ ᠨᠢ ᠦᠭᠡ ᠳᠠᠭᠤᠨ ᠦᠭᠡᠢ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠳᠠᠭ᠃ ᠲᠡᠷᠡ᠂ ᠮᠠᠨ ᠤ ᠨᠠᠮ ᠤᠨ ᠠᠯᠬᠤᠮ ᠠᠯᠬᠤᠮ ᠢᠶᠠᠷ ᠬᠥᠭᠵᠢᠨ ᠪᠤᠵᠠᠭᠠᠢᠢᠷᠠᠬᠰᠠᠨ ᠢ ᠭᠡᠷᠡᠴᠢᠯᠠᠵᠤ᠂ ᠪᠦᠬᠦ ᠤᠯᠤᠰ ᠤᠨ ᠠᠷᠠᠳ ᠲᠦᠮᠡᠨ ᠢ ᠳᠠᠭᠠᠭᠤᠯᠤᠨ ᠥᠨᠥᠳᠦᠷ ᠤᠨ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠳᠤ ᠲᠡᠷᠡ ᠮᠠᠰᠢ ᠰᠠᠶᠢᠨ ᠠᠵᠠ ᠵᠠᠪᠰᠢᠶᠠᠨ ᠲᠠᠢ ᠶᠤᠮ᠃ ᠲᠡᠷᠡ ᠪᠠᠰᠠ ᠥᠪᠡᠷ ᠢ ᠪᠠᠨ ᠵᠠᠭᠤᠨ ᠵᠢᠯ ᠤᠨ ᠳᠠᠷᠠᠭ᠎ᠠ ᠬᠡᠭᠦᠷ ᠢ ᠨᠢ ᠬᠠᠨᠳᠢᠪᠯᠠᠵᠤ᠂ ᠬᠠᠮᠤᠭ ᠡᠴᠦᠰ ᠲᠤ ᠨᠡᠶᠢᠭᠡᠮ ᠳᠤ ᠪᠠᠭ᠎ᠠ ᠰᠠᠭ᠎ᠠ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠵᠠᠢ᠃ ᠲᠡᠷᠡ ᠤᠷᠢᠳ ᠬᠤᠵᠢᠳ ᠬᠤᠲᠠ ᠶᠢᠨ ᠱᠠᠲᠤᠨ ᠤ ᠶᠣᠰᠣ ᠰᠤᠷᠲᠠᠬᠤᠨ ᠤ ᠵᠢᠱᠢᠶᠡᠴᠢ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ︽4 ᠳᠦᠭᠡᠷ ᠬᠤᠭᠤᠴᠠᠭᠠᠨ ᠤ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ ᠶᠣᠰᠣ ᠰᠤᠷᠲᠠᠬᠤᠨ ᠤ ᠵᠢᠱᠢᠶᠡᠴᠢ︾ ᠵᠡᠷᠭᠡ ᠢᠷᠠᠭᠤ ᠠᠯᠳᠠᠷ ᠢ ᠬᠦᠷᠲᠡᠪᠡ᠃ ︽ᠣᠯᠠᠨ ᠳᠤ ᠶᠠᠭᠠᠬᠢᠵᠤ ᠬᠢᠪᠡᠯ ᠰᠠᠶ᠋ᠢ ᠨᠢᠭᠡᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠵᠤ ᠴᠢᠳᠠᠨ᠎ᠠ ᠭᠡᠵᠦ ᠪᠣᠳᠣᠳᠠᠭ ᠁︾ ᠭᠡᠵᠦ ᠱᠠᠨ ᠢᠦᠢ ᠯᠠᠩ ᠨᠥᠬᠦᠷ ᠨᠢᠭᠡᠨ ᠳᠥᠭᠦᠮᠬᠡᠨ ᠠᠰᠠᠭᠤᠳᠠᠯ ᠢᠶᠠᠷ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ︽ᠶᠠᠷᠢᠶᠠᠨ ᠤ ᠬᠠᠶᠢᠷᠴᠠᠭ︾ ᠢ ᠨᠡᠭᠡᠭᠡᠵᠦ᠂ ᠭᠠᠭᠴᠠ ᠬᠠᠰ ᠥᠪᠡᠷ ᠤᠨ ᠥᠩᠭᠡᠷᠡᠯᠲᠡ ᠪᠠ ᠣᠶᠢᠯᠠᠭᠠᠯᠲᠠ ᠲᠠᠢ ᠪᠠᠨ ᠤᠶᠠᠯᠳᠤᠭᠤᠯᠤᠨ᠂ ᠳᠥᠭᠦᠮ ᠣᠶᠢᠯᠠᠭᠠᠮᠵᠢᠲᠠᠶ ᠦᠭᠡ ᠪᠠᠷ ᠨᠢᠭᠡ ᠵᠢᠷ ᠤᠨ ᠨᠠᠮ ᠤᠨ ᠭᠡᠰᠢᠭᠦᠨ ᠤ ᠨᠢᠭᠡ ᠨᠠᠰᠤᠨ ᠤ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠦᠶ᠋ᠯᠡᠴᠢᠯᠡᠭᠡ ᠬᠢᠬᠦ ᠳᠤ ᠬᠠᠯᠠᠭᠤᠨ ᠰᠡᠳᠬᠢᠯᠭᠡ ᠶᠢ ᠬᠤᠪᠢᠶᠠᠯᠴᠠᠵᠤ ᠪᠠᠶᠢᠪᠠ᠃ ᠲᠡᠷᠡ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠠᠬᠠᠮᠠᠳ ᠨᠠᠮ ᠤᠨ ᠭᠡᠰᠢᠭᠦᠨ ᠤ ᠡᠷᠡᠰ ᠪᠠᠲᠤ ᠢᠲᠡᠭᠡᠯ ᠵᠣᠷᠢᠭ᠂ ︽ᠠᠵᠢᠯ ᠠᠴᠠ ᠪᠠᠨ ᠠᠮᠠᠷᠠᠬᠤ ᠳᠤ ᠦᠩᠬᠡ ᠤᠨᠠᠬᠤ ᠦᠭᠡᠢ᠂ ᠠᠵᠢᠯ ᠤᠨ ᠪᠠᠶᠢᠷᠢ ᠠᠴᠠ ᠪᠠᠨ ᠰᠠᠯᠪᠠᠴᠤ ᠨᠠᠮ ᠠᠴᠠ ᠰᠠᠯᠬᠤ ᠦᠭᠡᠢ︾ ᠭᠡᠬᠦ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠣᠯᠤᠨ ᠬᠠᠷᠢᠭᠤᠴᠠᠯᠭ᠎ᠠ ᠡᠭᠦᠷᠭᠡᠯᠡᠯ ᠢ ᠲᠠᠶᠢᠯᠪᠤᠷᠢᠯᠠᠵᠤ᠂ ᠲᠡᠷᠡ ᠭᠤᠶᠠᠴᠢ ᠦᠭᠡᠢ ᠠᠵᠢᠯᠯᠠᠭ᠎ᠠ ᠪᠠᠷ ᠢᠶᠠᠨ ᠨᠡᠶᠢᠭᠡᠮ ᠳᠤ ᠬᠠᠶᠢᠷ᠎ᠠ ᠬᠠᠯᠠᠮᠵᠢ ᠬᠦᠷᠲᠡᠭᠡᠵᠡᠢ᠃ ᠱᠠᠨ ᠢᠦᠢ ᠯᠠᠩ ᠨᠥᠬᠦᠷ ᠤᠨ ᠦᠢᠯᠡ ᠠᠵᠢᠯᠯᠠᠭ᠎ᠠ ᠨᠢ ᠲᠤᠬᠠᠢ ᠶᠢᠨ ᠲᠠᠯᠠᠪᠠᠢ ᠳᠤ ᠪᠠᠶᠢᠭᠰᠠᠨ ᠰᠣᠨᠣᠰᠤᠭᠴᠢᠳ ᠲᠤ ᠴᠢᠩᠭ᠎ᠠ ᠦᠵᠡᠯ ᠰᠠᠨᠠᠭᠠᠨ ᠤ ᠬᠠᠮᠲᠤ ᠶᠢᠨ ᠴᠤᠤᠷᠢᠶ᠎ᠠ ᠪᠠ ᠤᠶᠤᠨ ᠰᠠᠨᠠᠭᠠᠨ ᠤ ᠴᠤᠤᠷᠢᠶ᠎ᠠ ᠶᠢ ᠮᠡᠳᠡᠷᠡᠭᠦᠯᠵᠦ᠂ ᠦᠯᠢᠭᠡᠷ ᠳᠠᠭᠤᠷᠢᠶᠠᠯ ᠤᠨ ᠬᠦᠴᠦᠨ ᠢ ᠭᠦᠨᠵᠡᠭᠡᠢ ᠮᠡᠳᠡᠷᠡᠭᠦᠯᠪᠡ᠃ ︽︿ᠳᠡᠷᠭᠡᠳᠡᠬᠢ ᠦᠯᠢᠭᠡᠷ ᠳᠠᠭᠤᠷᠢᠶᠠᠯ ᠢᠶᠠᠷ ᠶᠠᠷᠢᠬᠤ﹀ ᠠᠵᠢᠯᠯᠠᠭ᠎ᠠ ᠶᠢ ᠦᠷᠭᠦᠯᠵᠢᠯᠡᠨ ᠬᠢᠵᠦ᠂ ᠨᠡᠩ ᠤᠯᠠᠨ ᠬᠥᠮᠦᠨ ᠢ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠭᠤᠯᠵᠤ᠂ ᠦᠯᠢᠭᠡᠷ ᠳᠠᠭᠤᠷᠢᠶᠠᠯ ᠤᠨ ᠬᠦᠴᠦᠨ ᠢ ᠰᠢᠩᠭᠡᠭᠡᠨ ᠠᠪᠤᠭᠤᠯᠵᠤ᠂ ᠤᠯᠠᠨ ᠢ ᠳᠠᠭᠤᠷᠢᠶᠠᠯ ᠲᠠᠢ᠂ ᠦᠯᠢᠭᠡᠷ ᠳᠠᠭᠤᠷᠢᠶᠠᠯ ᠲᠠᠢ ᠪᠣᠯᠭᠠᠪᠠᠯ ᠵᠤᠬᠢᠨ᠎ᠠ︾᠃ ᠨᠡᠶᠢᠭᠡᠮ ᠲᠤᠬᠤᠷᠢᠭ ᠤᠨ ᠨᠠᠮ ᠤᠨ ᠭᠡᠰᠢᠭᠦᠨ ᠾᠧ ᠸᠧᠨ ᠵᠢᠤᠢ ᠬᠡᠯᠡᠭᠰᠡᠨ ᠨᠢ᠃ ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ ᠂ ᠪᠥᠬᠦ ᠨᠠᠮ ᠤᠨ ᠭᠡᠰᠢᠭᠦᠨ ᠤ ᠬᠠᠷᠢᠭᠤᠴᠠᠯᠭᠠᠲᠤ ᠤᠬᠠᠮᠰᠠᠷ᠂ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠴᠢᠩᠭᠠᠷᠠᠭᠤᠯᠬᠤ ᠶᠢᠨ ᠬᠠᠮᠲᠤ ᠨᠠᠮ ᠤᠨ ᠭᠡᠰᠢᠭᠦᠨ ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ ᠢᠶᠠᠨ ᠨᠠᠩ ᠪᠠᠲᠤᠳᠬᠠᠬᠤ ᠶᠢ ᠵᠣᠷᠢᠭᠵᠢᠭᠤᠯᠵᠠᠶ᠃    ᠵᠠᠯᠭᠠᠭᠠᠳ᠂ ᠭᠤᠸᠠᠩ ᠮᠢᠩ ᠨᠡᠶᠢᠭᠡᠮ ᠲᠣᠭᠤᠷᠢᠭ ᠤᠨ ᠬᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠦᠯᠢᠭᠡᠷ ᠳᠠᠭᠤᠷᠢᠶᠠᠯ ᠤᠨ ᠬᠦᠴᠦᠨ ᠢ ᠨᠢᠭᠲᠠᠷᠠᠭᠤᠯᠵᠤ᠂ ᠦᠯᠢᠭᠡᠷ ᠳᠠᠭᠤᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤᠯᠠᠨ ᠲᠦᠮᠡᠨ ᠢ ᠬᠦᠳᠦᠯᠦᠨ ᠳᠠᠭᠠᠭᠤᠯᠵᠤ ᠪᠠᠶᠢᠭᠠᠳ ᠥᠨᠢ ᠡᠭᠦᠷᠢᠳᠡ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠵᠢᠢ ᠸᠧᠨ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ