ᠺᠧ ᠢ ᠾᠧ ᠪᠠᠯᠭᠠᠰᠤᠨ ᠤ ᠬᠢᠩᠭᠠᠨ ᠨᠡᠶᠢᠭᠡᠮ ᠲᠣᠭᠤᠷᠢᠭ ︽ᠡᠮᠡᠭᠲᠡᠶᠢᠴᠦᠳ ᠤᠨ ᠪᠠᠶᠠᠷ · ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/29
    3 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠬᠢᠩᠭᠠᠨ ᠨᠡᠶᠢᠭᠡᠮ ᠲᠣᠭᠤᠷᠢᠭ ︽ᠡᠮᠡᠭᠲᠡᠶᠢᠴᠦᠳ ᠤᠨ ᠪᠠᠶᠠᠷ · ᠬᠠᠶᠢᠷ᠎ᠠ ᠬᠠᠯᠠᠮᠵᠢ ᠶᠢ ᠬᠦᠷᠭᠡᠬᠦ︾ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠡᠮᠡᠭᠲᠡᠶᠢᠴᠦᠳ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠪᠡ᠃ ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠬᠦᠴᠢᠷᠳᠡᠯᠲᠡᠶ ᠡᠮᠡᠭᠲᠡᠶᠢᠴᠦᠳ ᠲᠤ ᠳᠤᠯᠠᠭᠠᠨ ᠴᠣᠮᠣ᠂ ᠬᠤᠪᠴᠠᠰᠤ᠂ ᠬᠤᠪᠴᠠᠰᠤ ᠤᠬᠢᠶᠠᠬᠤ ᠰᠢᠩᠭᠡᠨ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠤ ᠣᠶᠢᠷ᠎ᠠ ᠶᠢᠨ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ ᠤ ᠬᠦᠴᠢᠷ ᠪᠡᠷᠬᠡᠰᠢᠶᠡᠯ ᠳᠤ ᠰᠢᠭᠤᠳ ᠬᠠᠨᠳᠤᠵᠤ᠂ ᠬᠦᠴᠢᠷ ᠪᠡᠷᠬᠡᠰᠢᠶᠡᠯ ᠢ ᠵᠣᠷᠢᠭᠲᠠᠶ ᠪᠠᠷ ᠢᠯᠠᠨ ᠳᠠᠪᠠᠭ᠋ᠤ ᠪᠠᠲᠤ ᠴᠢᠩᠭ᠎ᠠ ᠵᠣᠷᠢᠭ ᠰᠠᠨᠠᠭ᠎ᠠ ᠶᠢ ᠭᠦᠢᠴᠡᠳ ᠵᠣᠷᠢᠭᠵᠢᠭᠤᠯᠵᠤ᠂ ᠲᠡᠳᠡᠨ ᠢ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠠᠮᠢᠳᠤᠷᠠᠯ ᠤᠨ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠬᠦ ᠶᠢ ᠵᠣᠷᠢᠭᠵᠢᠭᠤᠯᠪᠠ᠃ ᠲᠠᠷᠠᠭᠠᠴᠢ ᠶᠢᠨ ᠠᠯᠬᠤᠮ ᠳᠤ ᠬᠢᠩᠭᠠᠨ ᠨᠡᠶᠢᠭᠡᠮ ᠲᠣᠭᠤᠷᠢᠭ ᠡᠯ᠎ᠡ ᠲᠥᠷᠥᠯ ᠤᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠷᠢᠶ᠎ᠠ ᠣᠷᠣᠨ ᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠢ ᠴᠢᠬᠤᠯᠠᠴᠢᠯᠠᠨ᠂ ᠲᠡᠳᠡᠨ ᠤ ᠡᠳᠦᠷ ᠲᠤᠲᠤᠮ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠪᠡ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ