ᠪᠥᠬᠦ ᠪᠠᠯᠭᠠᠰᠤᠨ ᠤ ᠥᠷᠭᠡᠨ ᠣᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠦᠵᠡᠯ ᠰᠠᠨᠠᠭᠠᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠬᠤᠷᠠᠯ ᠤᠨ ᠬᠤᠭᠤᠴᠠᠭᠠᠨ ᠳᠠᠬᠢ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠶᠢᠨ | ᠲᠥᠯᠥᠭᠡ᠂ ᠣᠶᠢᠷ᠎ᠠ ᠳᠤ᠂ ᠠ ᠯᠢ ᠾᠧ ᠪᠠᠯᠭᠠᠰᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠠᠵᠢᠯᠲᠠᠳ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠪᠠᠷ ᠳᠠᠮᠵᠢᠭᠤᠯᠤᠨ᠂ | ᠰᠠᠭᠤᠭᠠᠯᠢ ᠠᠷᠠᠳ ᠲᠤ ᠭᠠᠵᠢᠭᠤ ᠨᠣᠮᠯᠠᠯ ᠢ ᠡᠰᠡᠷᠭᠦᠴᠡᠬᠦ ᠴᠢᠬᠤᠯᠠ ᠴᠢᠨᠠᠷ ᠢ ᠤᠬᠠᠭᠤᠯᠵᠤ᠂ ᠭᠠᠵᠢᠭᠤ ᠨᠣᠮᠯᠠᠯ ᠤᠨ ᠮᠥᠨ ᠴᠢᠨᠠᠷ ᠪᠠ ᠭᠤᠤᠯ ᠣᠨᠴᠠᠯᠢᠭ ᠢ | ᠲᠠᠶᠢᠯᠪᠤᠷᠢᠯᠠᠵᠤ᠂ ᠭᠠᠵᠢᠭᠤ ᠨᠣᠮᠯᠠᠯ ᠢ ᠬᠡᠷᠬᠢᠨ ᠰᠡᠷᠭᠡᠶᠢᠯᠡᠬᠦ ᠪᠠ ᠬᠤᠷᠢᠭᠯᠠᠵᠤ᠂ ᠰᠠᠭᠤᠭᠠᠯᠢ ᠠᠷᠠᠳ ᠣᠯᠠᠨ ᠤ ᠭᠠᠵᠢᠭᠤ ᠨᠣᠮᠯᠠᠯ ᠢ ᠰᠡᠷᠭᠡᠶᠢᠯᠡᠬᠦ ᠪᠠ ᠬᠤᠷᠢᠭᠯᠠᠬᠤ | ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠬᠠᠮᠲᠤ ᠥᠷᠭᠡᠨ ᠣᠯᠠᠨ ᠲᠦᠮᠡᠨ ᠳᠤ ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠢᠯᠡᠴᠢᠯᠡᠨ ᠮᠡᠳᠡᠭᠦᠯᠦᠭᠰᠡᠨ ᠢ ᠬᠡᠯᠡᠵᠦ ᠥᠭᠪᠡ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠪᠣᠯᠪᠠᠰᠤᠨ ᠢ ᠬᠥᠭᠡᠭᠡᠴᠡᠯᠳᠦᠬᠦ᠂ ᠰᠢᠨᠵᠢᠯᠡᠬᠦ ᠤᠬᠠᠭᠠᠨ ᠢ ᠡᠷᠬᠢᠮᠯᠡᠬᠦ ᠰᠠᠶᠢᠨ ᠰᠠᠶᠢᠬᠠᠨ ᠨᠡᠶᠢᠭᠡᠮ ᠤᠨ ᠬᠡᠪ | ᠰᠤᠷᠲᠠᠯ ᠢ ᠰᠠᠨᠠᠭᠠᠴᠢᠯᠠᠵᠤ᠂ ᠥᠷᠭᠡᠨ ᠣᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠦᠴᠦᠲᠡᠶ ᠠᠬᠢᠭᠤᠯᠪᠠ᠃ |