ᠠ ᠯᠢ ᠾᠧ ᠪᠠᠯᠭᠠᠰᠤ ᠬᠠᠤᠯᠢ ᠪᠤᠰᠤ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠴᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/11/29
    ᠳᠠᠭᠠᠭᠤᠯᠢ ᠤᠳᠤᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠮᠠᠨ ᠤ ᠪᠠᠯᠭᠠᠰᠤᠨ ᠤ ᠮᠡᠳᠡᠭᠡ ᠵᠠᠩᠭᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂  ᠠ ᠯᠢ ᠾᠧ ᠪᠠᠯᠭᠠᠰᠤ ᠬᠠᠷᠢᠶ᠎ᠠ ᠣᠷᠣᠨ ᠤ ᠪᠠᠨ ᠬᠡᠲᠦ ᠳᠡᠯᠭᠡᠭᠦᠷ ᠵᠢᠴᠢ ᠣᠷᠣᠨ ᠰᠠᠭᠤᠴᠠ ᠶᠢᠨ ᠲᠣᠭᠤᠷᠢᠭ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠬᠠᠤᠯᠢ ᠪᠤᠰᠤ ᠳᠠᠭᠠᠭᠤᠯᠢ ᠤᠳᠤᠨ ᠤ ᠭᠠᠵᠠᠷ ᠳᠡᠭᠡᠷᠡᠬᠢ ᠭᠥᠯᠢᠶᠡᠨ ᠠᠪᠴᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃    ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ ᠳᠠᠮᠵᠢᠭᠤᠯᠤᠨ ᠵᠢᠵᠢᠭ ᠲᠣᠭᠤᠷᠢᠭ ᠤᠨ ᠰᠠᠭᠤᠭᠠᠯᠢ ᠠᠷᠠᠳ ᠲᠤ ᠬᠠᠤᠯᠢ ᠪᠤᠰᠤ ᠳᠠᠭᠠᠭᠤᠯᠢ ᠣᠳᠣᠨ ᠤ ᠲᠧᠯᠸᠢᠰ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠢᠯᠭᠠᠷᠠᠭᠤᠯᠤᠨ ᠴᠡᠭᠴᠡᠯᠡᠬᠦ ᠶᠢᠨ ᠠᠴᠢ ᠬᠤᠯᠪᠣᠭᠳᠠᠯ ᠢ ᠤᠬᠠᠭᠤᠯᠵᠤ᠂ ᠰᠠᠭᠤᠭᠠᠯᠢ ᠠᠷᠠᠳ ᠲᠤ ᠳᠠᠭᠠᠭᠤᠯᠢ ᠣᠳᠣᠨ ᠤ ᠲᠧᠯᠸᠢᠰ ᠤᠨ ᠭᠠᠵᠠᠷ ᠳᠡᠭᠡᠷᠡᠬᠢ ᠭᠥᠯᠢᠶᠡᠨ ᠠᠪᠬᠤ ᠪᠡᠯᠡᠳᠬᠡᠮᠵᠢ ᠶᠢᠨ ᠬᠤᠤᠷ ᠬᠥᠨᠥᠭᠡᠯ ᠢ ᠬᠠᠤᠯᠢ ᠪᠤᠰᠤ ᠪᠠᠷ ᠤᠭᠰᠠᠷᠠᠬᠤ ᠪᠠ ᠬᠠᠤᠯᠢ ᠪᠤᠰᠤ ︽ᠳᠠᠭᠠᠭᠤᠯᠢ ᠣᠳᠣᠨ ᠤ ᠲᠣᠭᠤᠭ᠎ᠠ︾ ᠬᠡᠷᠡᠭᠯᠡᠬᠦ ᠶᠢ ᠴᠠᠭᠠᠵᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠰᠠᠶᠢᠨ ᠣᠶᠢᠯᠠᠭᠠᠭᠤᠯᠪᠠ᠃ ᠨᠢᠭᠡᠨᠲᠡ ᠬᠠᠤᠯᠢ ᠪᠤᠰᠤ ᠳᠠᠭᠠᠭᠤᠯᠢ ᠣᠳᠣᠨ ᠤ ᠲᠧᠯᠸᠢᠰ ᠤᠨ ᠭᠥᠯᠢᠶᠡᠨ ᠠᠪᠬᠤ ᠲᠥᠬᠦᠭᠡᠷᠦᠮᠵᠢ ᠶᠢ ᠤᠭᠰᠠᠷᠠᠭᠰᠠᠨ ᠰᠠᠭᠤᠭᠠᠯᠢ ᠠᠷᠠᠳ ᠲᠤ ᠷᠠᠳᠢᠣ᠋ ᠲᠧᠯᠸᠢᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠢᠭᠤᠷᠳᠠᠨ ᠲᠠᠶᠢᠯᠪᠤᠷᠢᠯᠠᠵᠤ᠂ ᠰᠠᠭᠤᠭᠠᠯᠢ ᠠᠷᠠᠳ ᠲᠤ ᠬᠠᠤᠯᠢ ᠪᠤᠰᠤ ᠭᠠᠵᠠᠷ ᠳᠡᠭᠡᠷᠡᠬᠢ ᠳᠠᠭᠠᠭᠤᠯᠢ ᠣᠳᠣᠨ ᠤ ᠲᠧᠯᠸᠢᠰ ᠤᠨ ᠭᠥᠯᠢᠶᠡᠨ ᠠᠪᠬᠤ ᠮᠠᠰᠢᠨ ᠢ ᠳᠤᠷ᠎ᠠ ᠪᠠᠷ ᠢᠶᠠᠨ ᠤᠭᠰᠠᠷᠠᠭᠰᠠᠨ ᠡᠨᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠣᠷ ᠬᠥᠨᠥᠭᠡᠯᠲᠦ ᠴᠢᠨᠠᠷ ᠪᠠ ᠬᠦᠨᠳᠦ ᠨᠣᠴᠢᠲᠠᠢ ᠴᠢᠨᠠᠷ ᠢ ᠣᠶᠢᠯᠠᠭᠠᠭᠤᠯᠬᠤ ᠶᠢᠨ ᠬᠠᠮᠲᠤ ᠳᠠᠭᠠᠭᠤᠯᠢ ᠣᠳᠣᠨ ᠤ ︽  ᠬᠠᠪᠬᠠᠭᠠᠰᠤ︾ ᠶᠢᠨ ᠲᠣᠨᠣᠭᠯᠠᠯ ᠢ ᠳᠠᠷᠦ᠋ᠢᠬᠠᠨ ᠨᠤᠷᠠᠭᠠᠬᠤ ᠶᠢ ᠰᠠᠨᠠᠭᠤᠯᠪᠠ᠃ ᠡᠭᠦᠨ ᠤ ᠬᠠᠮᠲᠤ᠂ ᠥᠷᠭᠡᠨ ᠣᠯᠠᠨ ᠰᠠᠭᠤᠭᠠᠯᠢ ᠠᠷᠠᠳ ᠢ ᠥᠷᠭᠡᠨ ᠢᠶᠠᠷ ᠳᠠᠶᠢᠴᠢᠯᠠᠨ ᠬᠢᠨᠠᠯᠲᠠ ᠲᠠᠯᠪᠢᠨ᠎ᠠ᠃    ᠳᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ᠬᠠᠤᠯᠢ ᠪᠤᠰᠤ ᠳᠠᠭᠠᠭᠤᠯᠢ ᠤᠳᠤᠨ ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠨ ᠤ ᠪᠠᠯᠭᠠᠰᠤᠨ ᠤ ᠭᠠᠵᠠᠷ ᠳᠡᠭᠡᠷᠡᠬᠢ ᠳᠠᠭᠠᠭᠤᠯᠢ ᠤᠳᠤᠨ ᠤ ᠲᠧᠯᠸᠢᠰ ᠤᠨ ᠬᠦᠯᠢᠶᠡᠨ ᠠᠪᠬᠤ ᠡᠮᠬᠢ ᠳᠢᠭᠯᠢᠮ ᠢ ᠢᠳᠡᠪᠬᠢᠲᠡᠢ ᠬᠠᠮᠠᠭᠠᠯᠠᠵᠤ᠂ ᠷᠠᠳᠢᠣ᠋ ᠲᠧᠯᠸᠢᠰ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠨ᠎ᠠ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ