| 1 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠯᠠᠪᠯᠠᠯᠭ᠎ᠠ ᠶᠢᠨ | ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠲᠥᠯᠥᠪᠵᠢᠭᠦᠯᠭᠡ ᠶᠢᠨ ᠪᠠᠭᠰᠢ ᠸᠠᠩ ᠮᠢᠩ ᠲᠢᠶᠠᠨ ᠵᠡᠷᠭᠡ ᠲᠤᠰᠬᠠᠶ ᠮᠡᠷᠭᠡᠵᠢᠯᠲᠡᠨ ᠤ | ᠪᠦᠯᠬᠦᠮ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠤᠶᠤᠨᠲᠤ | ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠶ ᠮᠠᠨ ᠤ ᠬᠤᠰᠢᠭᠤᠨ ᠤ ᠤᠳᠤᠷᠢᠳᠤᠯᠭ᠎ᠠ ᠲᠠᠢ ᠶᠠᠷᠢᠯᠴᠠᠵᠤ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠶᠢᠨ ᠬᠤᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠶᠢᠨ ᠬᠤᠩ ᠱᠧᠩ ᠲᠤᠰᠬᠠᠶ ᠮᠡᠷᠭᠡᠵᠢᠯᠲᠡᠨ ᠤ ᠪᠦᠯᠬᠦᠮ ᠤᠨ ᠬᠦᠷᠴᠦ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠲᠤᠰᠬᠠᠶ | ᠮᠡᠷᠭᠡᠵᠢᠯᠲᠡᠨ ᠤ ᠪᠦᠯᠬᠦᠮ ᠳᠤ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠤᠶᠤᠨᠲᠤ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠠᠬᠤᠶ ᠪᠠᠶᠢᠳᠠᠯ ᠪᠠ | ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠠᠷᠢᠨ ᠲᠠᠨᠢᠯᠴᠠᠭᠤᠯᠪᠠ᠃ ᠲᠡᠷᠡ ᠵᠢᠭᠠᠵᠤ ᠭᠠᠷᠭᠠᠭᠰᠠᠨ ᠨᠢ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ | ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ | ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠴᠢᠳᠠᠮᠵᠢ ᠶᠢ ᠳᠡᠭᠡᠭᠰᠢᠯᠡᠭᠦᠯᠬᠦ᠂ ᠬᠤᠲᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ᠂ ᠤᠶᠤᠨᠵᠢᠭᠤᠯᠬᠤ ᠶᠢ | ᠠᠬᠢᠭᠤᠯᠬᠤ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠳᠤᠲᠠᠭᠤᠳᠠᠯ ᠪᠠᠭᠤᠷᠠᠶ ᠲᠠᠯ᠎ᠠ ᠶᠢ ᠰᠢᠢᠳᠪᠦᠷᠢᠯᠡᠬᠦ᠂ ᠠᠷᠠᠳ ᠤᠨ | ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠢᠨ ᠲᠣᠰ ᠤᠳᠠᠭᠠᠨ ᠤ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠠ ᠲᠣᠬᠢᠶᠠᠯ ᠳᠤ ᠲᠦᠰᠢᠭᠯᠡᠨ᠂ ᠳᠤᠮᠳᠠᠳᠤ ᠤᠯᠤᠰ ᠤᠨ | ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠬᠢᠵᠠᠭᠠᠷᠲᠤ ᠺᠣᠮᠫᠠᠨᠢ ᠶᠢᠨ ᠲᠤᠰᠬᠠᠶ ᠮᠡᠷᠭᠡᠵᠢᠯᠲᠡᠨ ᠤ ᠬᠦᠴᠦᠨ ᠢ ᠠᠰᠢᠭᠯᠠᠨ᠂ | ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠥᠲᠥᠭᠡᠨ ᠪᠠᠶᠢᠭᠤᠯᠤᠯᠲᠠ ᠶᠢᠨ ᠴᠢᠭᠯᠡᠯ ᠢᠶᠠᠨ ᠲᠣᠳᠣᠷᠬᠠᠶᠢᠯᠠᠨ᠂ ᠲᠤᠰᠬᠠᠶ | ᠮᠡᠷᠭᠡᠵᠢᠯᠲᠡᠨ ᠤ ᠪᠦᠯᠬᠦᠮ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ | ᠤᠶᠤᠨᠲᠤ ᠪᠠᠯᠭᠠᠰᠤᠨ ᠤ ᠪᠥᠲᠥᠭᠡᠨ ᠪᠠᠶᠢᠭᠤᠯᠤᠯᠲᠠ ᠪᠠᠷ ᠣᠷᠴᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠲᠤᠰᠬᠠᠶ ᠮᠡᠷᠭᠡᠵᠢᠯᠲᠡᠨ ᠤ ᠪᠦᠯᠬᠦᠮ ᠬᠠᠷᠢᠭᠤ ᠮᠡᠳᠡᠭᠦᠯᠦᠯᠲᠡ ᠶᠢ ᠰᠣᠨᠣᠰᠬᠤ᠂ PPT ᠶᠢ ᠦᠵᠡᠬᠦ᠂ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ | ᠮᠠᠨ ᠤ ᠬᠤᠰᠢᠭᠤᠨ ᠤ ᠤᠶᠤᠨᠲᠤ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠤᠬᠠᠶ ᠠᠩᠬ᠎ᠠ ᠠᠯᠬᠤᠮ ᠤᠨ ᠲᠠᠨᠢᠯᠲᠠ ᠪᠠ ᠣᠶᠢᠯᠠᠭᠠᠯᠲᠠ ᠲᠠᠢ ᠪᠣᠯᠵᠣ᠂ ᠮᠠᠨ ᠤ | ᠬᠤᠰᠢᠭᠤᠨ ᠤ ᠤᠶᠤᠨᠲᠤ ᠵᠢᠵᠢᠭ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠰᠡᠳᠬᠢᠮᠵᠢ ᠶᠢ ᠨᠤᠲᠠᠯᠠᠬᠤ ᠶᠢᠨ | ᠬᠠᠮᠲᠤ ᠮᠠᠨ ᠤ ᠬᠤᠰᠢᠭᠤᠨ ᠤ ᠭᠠᠵᠠᠷ ᠣᠷᠣᠨ ᠤ ᠣᠨᠴᠠᠯᠢᠭ ᠵᠢᠴᠢ ᠣᠳᠣᠬᠢᠴᠢᠯᠠᠭᠰᠠᠨ ᠬᠤᠲᠠ ᠶᠢᠨ ᠬᠥᠭᠵᠢᠯᠲᠡ ᠶᠢᠨ ᠬᠠᠨᠳᠤᠰᠢ᠂ ᠬᠥᠭᠵᠢᠯᠲᠡ ᠶᠢᠨ | ᠬᠡᠷᠡᠭᠴᠡᠭᠡ ᠲᠠᠢ ᠤᠶᠠᠯᠳᠤᠭᠤᠯᠤᠨ ᠵᠦᠶ ᠵᠣᠬᠢᠰᠲᠠᠶ ᠰᠠᠨᠠᠭᠤᠯᠭ᠎ᠠ ᠳᠤᠷᠠᠳᠪᠠ᠃ ᠡᠭᠦᠨ ᠤ ᠬᠠᠮᠲᠤ᠂ ᠲᠠᠷᠠᠭᠠᠴᠢ ᠶᠢᠨ ᠠᠯᠬᠤᠮ ᠤᠨ ᠲᠤᠰᠬᠠᠶ ᠮᠡᠷᠭᠡᠵᠢᠯᠲᠡᠨ ᠤ | ᠪᠦᠯᠬᠦᠮ ᠪᠣᠳᠠᠲᠠᠶ ᠬᠡᠷᠡᠭᠴᠡᠭᠡ ᠠᠴᠠ ᠡᠭᠦᠰᠴᠦ᠂ ᠤᠯᠠᠮ ᠨᠢᠭᠡ ᠠᠯᠬᠤᠮ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠲᠥᠯᠥᠪᠵᠢᠭᠦᠯᠭᠡ ᠶᠢ ᠬᠡᠷᠡᠭᠵᠢᠭᠦᠯᠬᠦ | ᠲᠥᠰᠦᠯ ᠢ ᠤᠯᠠᠮ ᠨᠢᠭᠡ ᠠᠯᠬᠤᠮ ᠭᠦᠨᠵᠡᠭᠡᠶ ᠬᠡᠷᠡᠭᠵᠢᠭᠦᠯᠵᠦ᠂ ᠥᠯᠢᠭᠡᠷ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃ | ᠠ ᠵᠢᠶᠠᠩ ᠳᠠ ᠪᠢᠩ᠂ ᠰᠢᠤᠢ ᠯᠢ ᠴᠢᠶᠦ᠋ᠨ᠂ ᠱᠤᠤ ᠿᠢ ᠮᠢᠨ᠂ ᠶᠠᠩ ᠵᠢᠢ ᠳ᠋ᠦᠩ ᠶᠠᠷᠢᠯᠴᠠᠬᠤ ᠬᠤᠷᠠᠯ ᠳᠤ ᠣᠷᠣᠯᠴᠠᠪᠠ᠃ | |