| 1 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠤᠰᠬᠠᠶ | ᠰᠡᠳᠦᠪᠲᠦ ᠬᠤᠷᠠᠯ ᠬᠤᠷᠠᠯᠳᠤᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠪᠥᠬᠦ ᠺᠠᠳ᠋ᠷ ᠠᠵᠢᠯᠲᠠᠨ ᠠᠵᠢᠯᠴᠢᠨ ᠡᠷᠬᠡᠪᠰᠢ ᠨᠠᠩ ᠥᠨᠳᠥᠷ | ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠤᠯᠤᠰ ᠲᠥᠷᠥ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠣᠯᠪᠠᠰᠤᠷᠠᠯ ᠢ ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶᠠᠨ ᠤ | ᠠᠯᠪᠠᠨ ᠬᠡᠷ ᠤᠨ ᠳᠠᠭᠠᠭᠤᠯᠤᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ︽ᠤᠯᠤᠰ ᠲᠥᠷᠥ ᠭᠡᠭᠡᠨ ᠰᠠᠷᠠᠭᠤᠯ᠂ ᠣᠪᠣᠷ ᠰᠤᠷᠲᠠᠯ ᠠᠷᠢᠭᠤᠨ ᠴᠢᠬᠡᠴᠢ᠂ | ᠵᠠᠰᠠᠭ ᠤᠨ ᠶᠠᠪᠤᠳᠠᠯ ᠠᠷᠢᠭᠤᠨ ᠴᠢᠬᠡᠴᠢ︾ ᠠᠷᠢᠭᠤᠨ ᠴᠢᠬᠡᠴᠢ ᠨᠠᠮ ᠤᠨ ᠠᠯᠪᠠᠨ ᠬᠡᠷ ᠢ ᠪᠣᠶ ᠪᠣᠯᠭᠠᠨ᠎ᠠ᠃ | ᠬᠤᠷᠠᠯ ᠠᠴᠠ᠂ ᠲᠦᠷᠢᠮ ᠲᠣᠭᠲᠠᠭᠠᠯ ᠢ ᠪᠦᠷᠢᠨᠰᠢᠬᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠵᠢᠷᠭᠤᠭᠠᠨ ᠨᠠᠷᠢᠨ ᠲᠠᠩᠰᠠ︾ ᠶᠢ ᠴᠢᠩᠭ᠎ᠠ ᠨᠠᠶᠢᠳᠠᠪᠤᠷᠢᠵᠢᠭᠤᠯᠵᠤ᠂ | ᠪᠠᠭ ᠤᠨ ᠪᠦᠷᠢᠯᠳᠦᠬᠦᠨ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ︔ ᠨᠠᠮ ᠤᠨ ᠰᠤᠷᠲᠠᠯ ᠴᠢᠬᠡᠴᠢ | ᠵᠠᠰᠠᠭ ᠤᠨ ᠬᠥᠮᠦᠵᠢᠯ ᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠤᠯᠠᠮᠵᠢᠯᠠᠨ ᠰᠤᠷᠤᠯᠴᠠᠵᠤ᠂ ᠢᠯᠵᠠᠷᠠᠯ ᠢ ᠡᠰᠡᠷᠭᠦᠴᠡᠨ | ᠬᠤᠪᠢᠷᠠᠬᠤ ᠶᠢ ᠰᠡᠷᠭᠡᠶᠢᠯᠡᠬᠦ ᠤᠬᠠᠮᠰᠠᠷᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ︔ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠲᠥᠪ | ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠤᠨ | ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠵᠦ᠂ ᠣᠪᠣᠷ ᠢᠶᠠᠨ ᠲᠥᠪ ᠪᠣᠯᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ | ᠭᠡᠵᠦ ᠱᠠᠭᠠᠷᠳᠠᠪᠠ᠃ | ᠱᠤᠤ ᠿᠢ ᠮᠢᠨ ᠬᠤᠷᠠᠯ ᠢ ᠡᠷᠬᠢᠯᠡᠪᠡ᠃ | |