ᠣᠷᠴᠣᠨ ᠤ ᠥᠪᠡᠷᠲᠡᠭᠡᠨ ᠵᠠᠰᠠᠬᠤ ᠬᠤᠰᠢᠭᠤ ᠱᠦᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/11/4
20240126094940391tdvy7u.jpg
    ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠤᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠬᠥᠮᠦᠨ᠂ ᠭᠤᠤᠯᠳᠠᠯᠭ᠎ᠠ ᠲᠠᠢ ᠶᠠᠪᠤᠳᠠᠯ᠂ ᠭᠤᠤᠯᠳᠠᠯᠭ᠎ᠠ ᠲᠠᠢ ᠠᠰᠠᠭᠤᠳᠠᠯ ᠤᠨ ᠲᠤᠬᠠᠶ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠪᠣᠳᠠᠲᠠᠶ ᠰᠢᠢᠳᠪᠦᠷᠢᠯᠡᠬᠦ ᠰᠠᠨᠠᠯ ᠳᠤᠷᠠᠳᠬᠤ ᠶᠢᠨ ᠬᠠᠮᠲᠤ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠨᠡᠩ ᠥᠨᠳᠥᠷ ᠪᠠᠷᠢᠮᠵᠢᠶ᠎ᠠ ᠪᠠᠷ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠭᠤᠭᠤᠯᠵᠤ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠣᠯᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠲᠠᠢ ᠬᠠᠷᠭᠤᠭᠤᠯᠵᠤ᠂ ᠤᠯᠤᠰ ᠲᠦᠷᠦ ᠶᠢᠨ ᠵᠥᠷᠢᠶ᠎ᠡ ᠶᠢ ᠵᠠᠯᠠᠷᠠᠭᠤᠯᠬᠤ ᠶᠢ ᠬᠦᠴᠦᠯᠡᠨ ᠢᠯᠡᠷᠡᠭᠦᠯᠬᠦ ᠪᠠ ᠠᠬᠢᠭᠤᠯᠬᠤ ᠬᠡᠷᠡᠭᠲᠡᠢ᠃ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠡᠲᠡᠭᠡᠳ ᠲᠤ ᠤᠨᠢᠨ ᠳᠡᠭᠡᠷ᠎ᠡ ᠨᠢ ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠬᠤ ᠪᠠᠭ ᠢᠯᠠᠩᠭᠤᠶ᠎ᠠ ︽ᠨᠢᠭᠡᠳᠦᠭᠡᠷ ᠭᠠᠷ︾ ᠤᠨ ᠬᠢᠨᠠᠯᠲᠠ ᠶᠢ ᠴᠢᠩᠭᠠᠳᠬᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠳᠤ ᠪᠦᠲᠦᠮᠵᠢᠲᠡᠢ ᠬᠢᠨᠠᠯᠲᠠ ᠲᠠᠯᠪᠢᠬᠤ ᠪᠠᠷ ︽ᠵᠣᠩᠬᠢᠯᠠᠬᠤ ᠤᠯᠠᠨ ᠲᠣᠭᠠᠲᠠᠨ︾ ᠢ ᠬᠦᠳᠦᠯᠦᠨ ᠳᠠᠭᠠᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃    ᠬᠤᠷᠠᠯ ᠠᠴᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠬᠤ ᠬᠡᠷᠡᠭᠲᠡᠢ᠃ ᠤᠨᠢᠨ ᠳᠡᠭᠡᠷ᠎ᠡ ᠨᠢ ᠠᠰᠠᠭᠤᠳᠠᠯ ᠢ ᠬᠠᠷᠢᠭᠤ ᠲᠤᠰᠬᠠᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠰᠡᠷᠡᠮᠵᠢᠯᠡᠭᠦᠯᠬᠦ ᠬᠥᠮᠦᠵᠢᠯ ᠬᠦᠷᠲᠡᠭᠡᠵᠦ᠂ ᠴᠡᠭᠴᠡᠯᠡᠨ ᠰᠠᠶᠢᠵᠢᠷᠠᠭᠤᠯᠬᠤ ᠴᠢᠭᠯᠡᠯ ᠢᠶᠠᠨ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠵᠤ᠂ ︽ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠬᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠦᠷᠦᠭᠦᠯᠡᠬᠦ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠣᠷᠣᠯᠴᠠᠬᠤ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠬᠠᠮᠵᠢᠯᠴᠠᠬᠤ᠂ ᠬᠢᠨᠠᠯᠲᠠ ᠲᠠᠯᠪᠢᠬᠤ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ︾ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠠᠵᠢᠯ ᠤᠨ ᠪᠠᠶᠢᠷᠢᠰᠢᠯ ᠢ ᠰᠦᠪᠡᠭᠴᠢᠯᠡᠨ ᠪᠠᠶᠢᠭᠤᠯᠵᠤ᠂ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢᠶᠠᠨ ᠬᠥᠮᠦᠨ ᠰᠣᠩᠭᠤᠵᠤ ᠬᠥᠮᠦᠨ ᠬᠡᠷᠡᠭᠯᠡᠬᠦ᠂ ᠣᠨ ᠤ ᠬᠢᠨᠠᠨ ᠰᠢᠯᠭᠠᠯᠲᠠ ᠵᠡᠷᠭᠡ ᠠᠵᠢᠯ ᠳᠤ ᠬᠡᠷᠡᠭᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠭᠦᠨᠴᠡ ᠪᠠ ᠥᠷᠭᠡᠴᠡ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠶ᠃ ᠰᠢᠯᠭᠠᠷᠠᠭᠰᠠᠨ ᠴᠠᠭᠳᠠᠨ ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠠᠷᠠᠳ ᠤᠨ ᠲᠥᠯᠥᠭᠡ ᠴᠠᠭᠳᠠᠨ ᠪᠠᠶᠢᠴᠠᠭᠠᠬᠤ ᠤᠭ ᠰᠠᠨᠠᠭᠠᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠪᠣᠳᠠᠲᠤ ᠠᠵᠢᠯᠯᠠᠭ᠎ᠠ ᠪᠠᠷ ᠢᠶᠠᠨ ᠴᠠᠭᠳᠠᠨ ᠪᠠᠶᠢᠴᠠᠭᠠᠬᠤ ᠡᠷᠬᠡ ᠰᠦᠷ ᠪᠠ ᠤᠯᠠᠨ ᠢ ᠢᠲᠡᠭᠡᠭᠦᠯᠬᠦ ᠬᠦᠴᠦᠨ ᠢ ᠰᠠᠶᠢᠲᠤᠷ ᠬᠠᠮᠠᠭᠠᠯᠠᠵᠤ᠂ ᠴᠠᠭᠳᠠᠨ ᠪᠠᠶᠢᠴᠠᠭᠠᠬᠤ ᠡᠷᠴᠢᠮ ᠢ ᠨᠡᠩ ᠬᠠᠶᠢᠷ᠎ᠠ ᠰᠡᠳᠬᠢᠯᠭᠡ ᠲᠠᠢ ᠪᠣᠯᠭᠠᠬᠤ ᠬᠡᠷᠡᠭᠲᠡᠢ᠃
ᠢᠷᠡᠯᠲᠡ᠄ ᠲᠣᠲᠣᠷᠬᠠᠢ ᠦᠭᠡᠢ